ᠬᠤᠷᠴᠢᠨ ᠲᠣᠭᠤᠷᠢᠭ ᠤᠨ ︽3 + 3 + 4︾ ᠶᠢᠨ ᠵᠠᠭᠪᠤᠷ ᠢᠶᠠᠷ ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠬᠠᠮᠠᠭᠠᠯᠠᠬᠤ ᠰᠢᠨ᠎ᠡ ᠬᠡᠯᠪᠡᠷᠢ ᠶᠢᠨ ᠰᠢᠰᠲ᠋ᠧᠮᠵᠢ ᠶᠢ ᠪᠠᠶᠢᠭᠤᠯᠪᠠ
ᠨᠡᠶᠢᠲᠡᠯᠡᠭᠰᠡᠨ ᠴᠠᠭ᠄
2020-04-14
 ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠤᠨ ᠪᠠᠶᠢᠴᠠᠭᠠᠬᠤ ᠬᠤᠷᠢᠶ᠎ᠠ ᠨᠠᠰᠤᠨ ᠳᠤ ᠥᠯᠥ ᠭᠦᠷᠦᠭᠰᠡᠳ ᠤᠨ ᠡᠷᠬᠡ ᠪᠠᠨ ᠬᠠᠮᠠᠭᠠᠯᠠᠬᠤ᠂ ᠬᠠᠪᠰᠤᠷᠤᠨ ᠰᠤᠷᠭᠠᠬᠤ ᠪᠠ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠳᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ︽ᠪᠠᠷᠢᠪᠴᠢᠯᠠᠬᠤ᠂ ᠵᠠᠭᠠᠯᠳᠤᠬᠤ᠂ ᠬᠢᠨᠠᠨ ᠪᠠᠶᠢᠴᠠᠭᠠᠬᠤ᠂  ᠰᠡᠷᠭᠡᠶᠢᠯᠡᠬᠦ᠂ ᠬᠠᠪᠰᠤᠷᠬᠤ᠂ ᠲᠠᠷᠬᠠᠭᠠᠬᠤ᠂ ᠠᠪᠤᠷᠬᠠᠤ︾ ᠶᠢ ᠨᠢᠭᠡ ᠴᠣᠭᠴᠠᠵᠢᠭᠤᠯᠤᠭᠰᠠᠨ ᠠᠵᠢᠯ ᠤᠨ ᠪᠠᠶᠢᠷᠢᠰᠢᠯ ᠪᠠ ︽3+ 3+ 4︾ ᠬᠠᠪᠰᠤᠷᠤᠨ ᠰᠤᠷᠭᠠᠬᠤ ᠪᠠ ᠤᠷᠢᠳᠴᠢᠯᠠᠨ ᠰᠡᠷᠭᠡᠶᠢᠯᠡᠬᠦ ᠰᠢᠨ᠎ᠡ ᠵᠠᠭᠪᠤᠷ ᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠲᠠᠯ᠎ᠠ ᠪᠠᠷ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠶᠠᠯᠠᠲᠤ ᠬᠡᠷᠡᠭ ᠢ  ᠰᠢᠢᠳᠪᠦᠷᠢᠯᠡᠬᠦ ᠲᠤᠰᠬᠠᠶᠢᠵᠢᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 2019 ᠣᠨ ᠠᠴᠠ ᠨᠠᠰᠢ᠂ ᠲᠣᠰ ᠬᠤᠷᠢᠶ᠎ᠠ 25 ᠨᠠᠰᠤᠨ ᠳᠤ ᠥᠯᠥ ᠭᠦᠷᠦᠭᠰᠡᠳ ᠢ ᠪᠠᠷᠢᠪᠴᠢᠯᠠᠬᠤ ᠶᠢ ᠥᠯᠥ  ᠵᠦᠪᠰᠢᠶᠡᠷᠡᠵᠦ᠂ 29 ᠨᠠᠰᠤᠨ ᠳᠤ ᠥᠯᠥ ᠭᠦᠷᠦᠭᠰᠡᠳ ᠢ ᠥᠯᠥ ᠵᠠᠭᠠᠯᠳᠤᠵᠤ᠂ ᠨᠠᠰᠤᠨ ᠳᠤ ᠥᠯᠥ ᠭᠦᠷᠦᠭᠰᠡᠳ ᠲᠤ  ᠬᠠᠯᠳᠠᠭᠰᠠᠨ ᠶᠠᠯ᠎ᠠ ᠬᠢᠭᠰᠡᠨ ᠰᠡᠵᠢᠭᠳᠡᠨ 83 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠭᠰᠡᠨ ᠰᠡᠵᠢᠭᠯᠡᠯᠲᠡᠶ 111 ᠬᠥᠮᠦᠨ ᠢ ᠵᠠᠭᠠᠯᠳᠤᠵᠤ᠂ 197 ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠰᠤᠷᠭᠠᠵᠤ᠂ 50 ᠤᠳᠠᠭ᠎ᠠ ᠬᠠᠤᠯᠢ ᠪᠠᠷ ᠵᠠᠰᠠᠬᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ 3 ᠲᠦᠮᠡ ᠭᠠᠷᠤᠶ ᠬᠦᠮᠦᠨ ᠢ ᠭᠥᠯᠢᠶᠡᠨ ᠠᠪᠴᠠᠶ᠃ ᠣᠲᠣ ᠨᠢᠭᠡᠨᠲᠡ 25 ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠳᠠᠭᠢᠵᠤ ᠰᠤᠷᠤᠯᠴᠠᠭᠤᠯᠵᠤ ᠪᠠᠶᠢᠨ᠎ᠠ᠂ ᠡᠭᠦᠨ ᠳᠤ 15 ᠬᠥᠮᠦᠨ ᠨᠢ ᠶᠡᠭᠡ ᠰᠤᠷᠭᠠᠭᠤᠯᠢ ᠳᠤ ᠰᠢᠯᠭᠠᠨ ᠣᠷᠣᠪᠠ᠃    ᠨᠢᠭᠡ ᠳᠤ ︽ᠭᠤᠷᠪᠠ ᠶᠢ ᠴᠢᠬᠤᠯᠠᠴᠢᠯᠠᠬᠤ︾᠂ ᠨᠥᠬᠦᠴᠡᠯ ᠲᠠᠢ ᠪᠠᠷ ᠦᠯᠦ ᠵᠠᠭᠠᠯᠳᠤᠬᠤ ᠠᠵᠢᠯ ᠢ ᠵᠢᠷᠤᠮᠵᠢᠭᠤᠯᠤᠨ᠎ᠠ᠃ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠯᠣᠭᠤᠳᠬᠤ  ᠦᠢᠯᠡᠳᠦᠯ ᠢ ᠴᠢᠬᠤᠯᠠᠴᠢᠯᠠᠵᠤ᠂ ᠬᠡᠷᠡᠭᠯᠡᠬᠦ ᠨᠥᠬᠦᠴᠡᠯ ᠢ ᠵᠢᠷᠤᠮᠵᠢᠭᠤᠯᠵᠤ᠂ ᠬᠡᠷᠡᠭ  ᠰᠢᠢᠳᠪᠦᠷᠢᠯᠡᠬᠦ ᠶᠢ ᠵᠢᠷᠤᠮᠵᠢᠭᠤᠯᠬᠤ ᠳᠤ ᠠᠰᠢᠭᠲᠠᠶ ᠯᠠᠪᠯᠠᠯᠲᠠ ᠬᠠᠩᠭᠠᠪᠠ᠃ ᠬᠠᠪᠰᠤᠷᠤᠨ ᠰᠤᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠳᠡᠰ ᠳᠠᠷᠠᠭᠠᠯᠠᠯ ᠪᠠ ᠠᠭᠤᠯᠭ᠎ᠠ ᠶᠢ ᠵᠢᠷᠤᠮᠵᠢᠭᠤᠯᠵᠤ᠂ ᠬᠢᠨᠠᠨ ᠪᠠᠶᠢᠴᠠᠭᠠᠵᠤ ᠬᠠᠪᠰᠤᠷᠤᠨ ᠰᠤᠷᠭᠠᠬᠤ ᠠᠵᠢᠯ ᠢ ᠬᠠᠮᠤᠭ ᠤᠨ ᠶᠡᠭᠡ ᠬᠡᠮᠵᠢᠶᠡᠨ ᠤ ᠰᠢᠨᠵᠢᠯᠡᠬᠦ ᠤᠬᠠᠭᠠᠨᠴᠢ ᠴᠢᠨᠠᠷ ᠪᠠ ᠵᠦᠶ ᠶᠣᠰᠣᠴᠢ ᠴᠢᠨᠠᠷ   ᠲᠠᠢ ᠪᠣᠯᠭᠠᠨ᠎ᠠ᠃ ᠨᠡᠶᠢᠭᠡᠮ ᠤᠨ ᠪᠠᠶᠢᠴᠠᠭᠠᠯᠲᠠ ᠬᠢᠭᠡᠳ ᠬᠠᠪᠰᠤᠷᠤᠨ ᠬᠥᠮᠦᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠬᠤᠯᠠᠴᠢᠯᠠᠵᠤ  ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠰᠠᠳ ᠵᠢᠴᠢ ᠲᠤᠰᠬᠠᠶ ᠰᠡᠳᠬᠢᠴᠡ ᠶᠢᠨ ᠵᠥᠪᠯᠡᠯᠭᠡ ᠥᠭᠬᠦ ᠬᠢᠴᠢᠶᠡᠯ ᠤᠨ ᠭᠡᠷ ᠤᠨ ᠡᠬᠢ ᠪᠠᠶᠠᠯᠢᠭ ᠢ ᠭᠦᠢᠴᠡᠳ ᠠᠰᠢᠭᠯᠠ᠂ ᠣᠯᠠᠨ ᠡᠰᠢᠲᠦ ᠬᠢᠨᠠᠯᠲᠠ ᠲᠠᠯᠪᠢᠵᠤ ᠰᠢᠨᠵᠢᠯᠡᠨ ᠪᠠᠶᠢᠴᠠᠭᠠᠬᠤ ᠭᠤᠤᠯ ᠴᠣᠭᠴᠠ ᠶᠢ ᠪᠠᠶᠢᠭᠤᠯᠵᠤ᠂ ᠥᠪᠡᠷᠮᠢᠴᠡ ᠬᠠᠪᠰᠤᠷᠤᠨ ᠰᠤᠷᠭᠠᠬᠤ ᠲᠥᠰᠦᠯ ᠢ ᠲᠣᠭᠲᠠᠭᠠᠨ᠎ᠠ᠃    ᠬᠤᠶᠠᠷ ᠲᠤ᠂ ︽ᠭᠤᠷᠪᠠ ᠶᠢ ᠰᠢᠯᠤᠭᠤᠳᠬᠠᠨ ᠵᠢᠯᠣᠭᠤᠳᠴᠤ︾᠂ ᠨᠠᠰᠤᠨ ᠳᠤ ᠥᠯᠥ ᠭᠦᠷᠦᠭᠰᠡᠳ ᠤᠨ ᠣᠶᠤᠨ ᠰᠠᠨᠠᠭᠠᠨ ᠤ ᠥᠷᠲᠡᠭᠡ ᠶᠢ ᠪᠠᠶᠢᠭᠤᠯᠤᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠶᠢᠯᠡᠮᠡᠯ ᠬᠦᠴᠦᠨ ᠢ ᠬᠤᠷᠠᠮᠳᠤᠭᠤᠯᠤᠨ᠂ ᠰᠡᠳᠬᠢᠴᠡ ᠶᠢ ᠬᠥᠲᠥᠯᠥᠨ ᠵᠢᠯᠣᠭᠤᠳᠴᠤ ︽ᠬᠤᠯᠪᠣᠭᠠᠯᠠᠨ ᠬᠥᠳᠡᠯᠦᠯᠴᠡᠬᠦ︾ ᠪᠣᠯᠭᠠᠨ᠎ᠠ᠃ ᠲᠣᠰ ᠬᠦᠷᠢᠶᠡᠯᠡᠩ ᠨᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂  ᠬᠤᠶᠢᠴᠢ ᠦᠶ᠎ᠡ ᠶᠢᠨ ᠠᠵᠢᠯ ᠤᠨ ᠬᠤᠷᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠳᠤᠷᠠᠨ ᠬᠥᠳᠡᠯᠦᠯᠴᠡᠵᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢ ᠬᠥᠲᠥᠯᠥᠨ ᠵᠢᠯᠣᠭᠤᠳᠴᠤ ᠬᠠᠪᠰᠤᠷᠤᠨ ᠰᠤᠷᠭᠠᠭᠰᠠᠨ ᠪᠠᠶᠢᠳᠠᠯ ᠢ ᠨᠡᠪᠲᠡᠷᠡᠭᠦᠯᠬᠦ ᠪᠠ ᠬᠠᠮᠲᠤ ᠪᠠᠷ ᠡᠳ᠋ᠯᠡᠵᠦ᠂ ᠮᠡᠳᠡᠭᠡ ᠵᠠᠩᠭᠢ ᠶᠢᠨ ᠵᠣᠯᠭᠠᠯᠴᠠᠭ᠎ᠠ ᠶᠢᠨ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠠᠰᠠᠭᠤᠳᠠᠯ ᠢ ᠣᠨᠣᠪᠴᠢᠲᠠᠶ ᠡᠷᠢᠵᠦ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠡᠳᠬᠢᠴᠡ ᠪᠠᠷ ︽ ᠬᠠᠷᠠᠯᠲᠠ︾ ᠶᠢ ᠬᠥᠲᠥᠯᠥᠨ ᠵᠢᠯᠣᠭᠤᠳᠤᠨ᠎ᠠ᠃ ᠰᠡᠳᠬᠢᠴᠡ ᠶᠢᠨ ᠠᠰᠠᠭᠤᠳᠠᠯ ᠨᠡᠯᠢᠶᠡᠳ ᠬᠦᠨᠳᠦ ᠨᠠᠰᠤᠨ ᠳᠤ ᠥᠯᠥ ᠬᠦᠷᠦᠭᠰᠡᠳ ᠲᠤ ᠴᠢᠭᠯᠡᠭᠦᠯᠦᠨ᠂ ᠨᠢᠳᠦᠨ ᠬᠦᠳᠡᠯᠦᠯᠲᠡ ᠪᠠᠷ ᠲᠣᠭᠠᠴᠢᠯᠠᠭᠰᠠᠨ ᠡᠯᠡᠰᠦᠨ ᠴᠠᠷ᠎ᠠ᠂ ᠭᠠᠷ ᠲᠠᠬᠢ ᠰᠡᠳᠬᠢᠴᠡ ᠶᠢᠨ ᠲᠣᠬᠢᠷᠠᠭᠤᠯᠤᠯᠲᠠ ᠶᠢᠨ ᠬᠡᠮᠵᠢᠭᠦᠷᠯᠢᠭ   ᠢ ᠠᠰᠢᠭᠯᠠᠨ ᠵᠠᠯᠠᠭᠤᠴᠤᠳ ᠪᠠᠭᠠᠴᠤᠳ ᠲᠤ ᠰᠡᠳᠬᠢᠴᠡ ᠶᠢᠨ ᠦᠨᠡᠯᠡᠯᠲᠡ ᠶᠢᠨ ᠵᠠᠳᠠᠯᠤᠯᠲᠠ ᠪᠠ ᠰᠡᠳᠬᠢᠴᠡ ᠶᠢᠨ  ᠲᠤᠬᠢᠷᠠᠭᠤᠯᠭ᠎ᠠ ᠶᠢᠨ ᠪᠣᠯᠪᠠᠰᠤᠷᠠᠯ ᠬᠢᠵᠦ᠂ ᠬᠡᠮᠵᠢᠨ ᠪᠠᠶᠢᠴᠠᠭᠠᠬᠤ᠂ ᠰᠤᠷᠤᠯᠴᠠᠬᠤ᠂ ᠪᠣᠯᠪᠠᠰᠤᠷᠠᠬᠤ ᠶᠢ ᠨᠢᠭᠡ  ᠴᠤᠭᠴᠠᠵᠢᠭᠤᠯᠤᠭᠰᠠᠨ ᠰᠡᠳᠬᠢᠴᠡ ᠶᠢᠨ ᠬᠡᠷᠡᠭᠯᠡᠭᠡᠨ ᠤ  ᠦᠢᠯᠡᠴᠢᠯᠡᠭᠡ ᠬᠠᠩᠭᠠᠨ᠎ᠠ᠃ ᠲᠤᠰᠬᠠᠶ ᠬᠥᠮᠦᠨ ᠲᠤᠰᠬᠠᠶ ᠳᠠᠩᠰᠠ ᠡᠪᠬᠡᠮᠡᠯ᠂ ᠮᠡᠳᠡᠭᠡ ᠵᠠᠩᠭᠢ ᠶᠢ ᠪᠢᠲᠡᠭᠦᠮᠵᠢᠯᠡᠨ ᠬᠠᠳᠠᠭᠠᠯᠠᠵᠤ᠂ ᠰᠡᠳᠬᠢᠴᠡ ᠶᠢ ᠵᠢᠯᠣᠭᠤᠳᠤᠨ ︽ᠣᠷᠣᠮ ᠪᠣᠯᠭᠠᠬᠤ︾ ᠬᠡᠷᠡᠭᠲᠡᠶ᠃ ︽ᠲᠤᠰᠬᠠᠶ ᠬᠥᠮᠦᠨ ᠲᠤᠰᠬᠠᠶ ᠳᠠᠩᠰᠠ ᠡᠪᠬᠡᠮᠡᠯ︾ ᠢᠶᠠᠷ ᠳᠠᠮᠵᠢᠭᠤᠯᠤᠨ᠂ ᠪᠦᠬᠦ ᠶᠠᠪᠤᠴᠠ ᠶᠢ ᠬᠥᠲᠥᠯᠥᠨ ᠵᠢᠯᠤᠭᠤᠳᠴᠤ ︽ᠣᠷᠣ ᠮᠥᠷ ᠦᠯᠡᠳᠡᠭᠡᠬᠦ︾ ᠶᠢ ᠪᠡᠶᠡᠯᠡᠭᠦᠯᠵᠦ᠂ ᠰᠠᠭᠠᠳ ᠦᠭᠡᠢ ᠨᠡᠪᠲᠡᠷᠡᠬᠦ ᠰᠡᠳᠬᠢᠴᠡ ᠶᠢᠨ ᠭᠠᠷ ᠲᠦᠷᠦᠭᠦ ᠲᠣᠭᠲᠠᠴᠠ ᠶᠢ ᠪᠠᠶᠢᠭᠤᠯᠬᠤ ᠳᠤ ᠲᠤᠭ᠎ᠠ ᠪᠠᠷᠢᠮᠲᠠ ᠪᠠ ᠮᠠᠲ᠋ᠧᠷᠢᠶᠠᠯ ᠤᠨ ᠪᠠᠲᠤᠯᠠᠭ᠎ᠠ ᠬᠠᠩᠭᠠᠬᠤ ᠬᠡᠷᠡᠭᠲᠡᠶ᠃    ᠭᠤᠷᠪᠠ ᠳᠤ᠂ ︽ᠳᠥᠷᠪᠡ ᠶᠢ ᠨᠢᠭᠡ ᠴᠣᠭᠴᠠᠵᠢᠭᠤᠯᠤᠨ︾᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠣᠤᠷ ᠢ ᠨᠢᠭᠲᠠ ᠪᠠᠶᠢᠭᠤᠯᠤᠨ᠎ᠠ᠃ ᠲᠤᠰ ᠬᠤᠷᠢᠶ᠎ᠠ ᠪᠠᠶᠢᠴᠠᠭᠠᠬᠤ ᠪᠠᠶᠢᠭᠤᠯᠭ᠎ᠠ᠂ ᠰᠤᠷᠭᠠᠭᠤᠯᠢ᠂ ᠭᠡᠷ ᠪᠦᠯᠢ᠂ ᠨᠡᠶᠢᠭᠡᠮ ᠲᠦᠷᠪᠡ ᠶᠢ ᠨᠢᠭᠡ ᠴᠤᠬᠴᠠᠵᠢᠭᠤᠯᠤᠬᠰᠠᠨ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠨᠠᠰᠤᠨ ᠳᠤ ᠦᠯᠤ ᠬᠥᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠦᠴᠦᠯᠡᠨ ᠬᠠᠮᠠᠭᠠᠯᠠᠪᠠ᠃ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ︽ᠬᠦᠴᠦᠯᠡᠬᠦ ᠴᠡᠭ︾ ᠢ ᠴᠢᠩᠭᠠᠳᠬᠠᠪᠠ᠃ ︽ᠨᠢᠭᠡᠳᠦᠭᠡᠷ ᠪᠠᠶᠢᠴᠠᠭᠠᠬᠤ ᠰᠠᠨᠠᠭᠤᠯᠭ᠎ᠠ︾ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ︽ᠠᠷᠪᠠᠨ ᠵᠠᠭᠤ ᠮᠢᠩᠭᠠᠨ ᠲᠦᠮᠡ︾ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ ᠬᠠᠷᠠᠵᠤ ᠬᠠᠮᠠᠭᠠᠯᠠᠬᠤ ᠰᠠᠭᠤᠷᠢᠨ ᠭᠠᠵᠠᠷ ᠤᠨ ᠠᠰᠢᠭᠯᠠᠮᠵᠢ ᠶᠢ ᠲᠠᠰᠤᠷᠠᠯᠲᠠ ᠦᠭᠡᠢ ᠴᠢᠩᠭᠠᠳᠬᠠᠪᠠ᠃ ᠡᠭᠦᠨ ᠤ ᠬᠠᠮᠲᠤ ᠪᠠᠶᠢᠴᠠᠭᠠᠭᠠᠳᠤᠶ ᠬᠡᠷᠡᠭ  ᠰᠢᠢᠳᠪᠦᠷᠢᠯᠡᠬᠦ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ  ᠬᠠᠪᠰᠤᠷᠤᠨ ᠰᠤᠷᠭᠠᠬᠤ ᠲᠠᠪᠴᠠᠩ᠂ ᠲᠥᠬᠦᠭᠡᠷᠦᠮᠵᠢ ᠶᠢᠨ ᠬᠡᠷᠡᠭᠯᠡᠯᠲᠡ ᠵᠢᠴᠢ ᠦᠷ᠎ᠡ ᠪᠦᠲᠦᠭᠡᠯ ᠢ  ᠬᠤᠪᠢᠷᠠᠭᠤᠯᠬᠤ ᠶᠢ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠢ ᠶᠡᠷᠦᠩᠬᠡᠶᠢᠯᠡᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ︽ᠠᠭᠤᠯᠭ᠎ᠠ ᠲᠠᠢ᠂ ᠭᠦᠨᠴᠡ ᠲᠠᠢ᠂ ᠦᠷ᠎ᠡ ᠪᠦᠲᠦᠮᠵᠢ ᠲᠠᠢ︾ ᠪᠠᠶᠢᠴᠠᠭᠠᠭᠠᠳᠤᠶ ᠲᠥᠷᠥᠯ ᠲᠡᠮᠳᠡᠭ ᠢ ᠦᠷᠭᠦᠯᠵᠢᠯᠡᠨ ᠪᠣᠶ ᠪᠣᠯᠭᠠᠨ᠎ᠠ᠃ ᠬᠡᠷ ᠪᠦᠯᠢ ᠶᠢᠨ ᠬᠠᠪᠰᠤᠷᠤᠨ ᠰᠤᠷᠭᠠᠬᠤ ︽ᠲᠤᠯᠭᠠᠭᠤᠷᠢᠯᠠᠬᠤ ᠴᠡᠭ︾ ᠢ ᠤᠷᠲᠤᠳᠬᠠᠨ᠎ᠠ᠃ ᠲᠣᠰ ᠬᠤᠷᠢᠶ᠎ᠠ ᠪᠣᠬᠢᠷᠲᠤᠯ ᠥᠬᠡᠶ ᠬᠠᠤᠯᠢ ᠪᠠᠷᠢᠬᠤ ᠣᠶᠢᠯᠠᠭᠠᠭᠳᠠᠬᠤᠨ ᠢ ᠵᠢᠷᠤᠮᠯᠠᠨ᠂ ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ ᠤᠷᠢᠳᠴᠢᠯᠠᠨ ᠰᠡᠷᠭᠡᠶᠢᠯᠡᠬᠦ ᠪᠠᠷ ᠬᠠᠷᠠᠯᠲᠠ ᠪᠣᠯᠭᠠᠵᠤ᠂ ︽ᠲᠥᠷᠥᠯ ᠰᠠᠳᠤᠨ ᠤ ᠰᠤᠷᠭᠠᠨ ᠬᠥᠮᠦᠵᠢᠯ︾ ᠢ ᠰᠢᠨ᠎ᠡ ᠶᠢ ᠡᠭᠦᠳᠦᠨ ᠥᠷᠨᠢᠭᠦᠯᠵᠦ᠂ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠳᠤ ᠲᠦᠰᠢᠭᠯᠡᠨ᠂ ᠬᠡᠷ ᠤᠨ ᠠᠬᠠᠮᠠᠳ ᠤᠨ ᠬᠢᠴᠢᠶᠡᠯ ᠤᠨ ᠲᠠᠩᠬᠢᠮ ᠪᠠᠶᠢᠭᠤᠯᠬᠤ ᠶᠢ ᠢᠳᠡᠪᠬᠢᠲᠡᠶ ᠰᠦᠪᠡᠭᠴᠢᠯᠡᠨ᠂ ᠰᠤᠷᠭᠠᠭᠤᠯᠢ ᠶᠢᠨ ᠬᠡᠷ ᠤᠨ ᠠᠬᠠᠮᠠᠳ ᠤᠨ ᠬᠤᠷᠠᠯ᠂ ᠨᠡᠶᠢᠭᠡᠮ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠲᠠᠶᠢᠯᠤᠮᠵᠢ ᠵᠡᠷᠭᠡ ᠲᠠᠪᠴᠠᠩ ᠢ ᠠᠰᠢᠭᠯᠠᠨ ᠲᠥᠷᠥᠯ ᠰᠠᠳᠤᠨ ᠤ ᠰᠤᠷᠭᠠᠨ ᠬᠥᠮᠦᠵᠢᠯ ᠤᠨ ᠬᠢᠴᠢᠶᠡᠯ ᠢ ᠥᠷᠨᠢᠭᠦᠯᠪᠡ᠃ ᠰᠤᠷᠭᠠᠭᠤᠯᠢ ᠶᠢᠨ ᠬᠠᠪᠰᠤᠷᠤᠨ ᠰᠤᠷᠭᠠᠬᠤ ︽ᠰᠠᠴᠤᠷᠠᠭ ᠴᠡᠭ︾ ᠢ ᠥᠷᠭᠡᠳᠬᠡᠨ᠎ᠡ᠃ ᠪᠠᠶᠢᠩᠭᠤᠵᠢᠭᠤᠯᠤᠭᠰᠠᠨ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠨᠡᠭᠡᠭᠡᠵᠦ᠂ ︽ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠰᠠᠨᠠᠯ︾ ᠢ ᠪᠠᠭᠤᠯᠭᠠᠵᠤ᠂ ᠬᠠᠤᠯᠢ ᠪᠠᠷ ᠵᠠᠰᠠᠬᠤ ᠬᠢᠴᠢᠶᠡᠯ ᠢ ᠡᠩ ᠤᠨ ᠬᠢᠴᠢᠶᠡᠯ ᠤᠨ ᠬᠦᠰᠦᠨᠦᠭ ᠲᠤ ᠣᠷᠣᠭᠤᠯᠤᠨ᠎ᠠ᠃ ︽ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ  ᠦᠢᠯᠡᠳᠦᠯᠭᠡ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ︽ᠳᠠᠭᠤᠷᠢᠶᠠᠮᠠᠯ ᠰᠢᠭᠦᠬᠦ ᠲᠢᠩᠬᠢᠮ︾ ᠤᠨ ᠨᠡᠶᠢᠭᠡᠮ ᠤᠨ ᠪᠦᠯᠬᠦᠮ ᠢ ᠵᠣᠬᠢᠶᠠᠨ ᠪᠠᠶᠢᠭᠤᠯᠵᠤ᠂ ᠳᠠᠭᠤᠷᠢᠶᠠᠮᠠᠯ ᠰᠢᠭᠦᠬᠦ ᠲᠢᠩᠬᠢᠮ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠠᠷ ᠵᠠᠰᠠᠬᠤ ᠬᠥᠮᠦᠵᠢᠯ ᠤᠨ ᠦᠵᠡᠯᠲᠡ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠨᠡᠶᠢᠭᠡᠮ ᠤᠨ ᠬᠠᠪᠰᠤᠷᠤᠨ ᠰᠤᠷᠭᠠᠬᠤ ︽ᠭᠤᠤᠯ ᠴᠡᠭ︾ ᠢ ᠲᠡᠭᠦᠯᠳᠡᠷᠵᠢᠭᠦᠯᠦᠨ᠎ᠡ᠃ ᠲᠣᠰ ᠬᠦᠷᠢᠶᠡᠯᠡᠩ ᠨᠢ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠯᠤᠭ᠎ᠠ ᠪᠠᠶᠢᠩᠭᠤᠵᠢᠭᠤᠯᠤᠭᠰᠠᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠤᠷᠢᠳ ᠬᠤᠵᠢᠳ ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠰᠤᠷᠭᠠᠨ ᠬᠥᠮᠦᠵᠢᠯ ᠤᠨ ᠠᠵᠢᠯ ᠲᠥᠷᠥᠯ ᠤᠨ ᠠᠵᠢᠯᠲᠠᠨ ᠤ ᠠᠵᠢᠯ ᠳᠤ ᠣᠷᠣᠵᠤ ᠪᠠᠶᠢᠴᠠᠭᠠᠨ ᠯᠠᠪᠯᠠᠬᠤ ᠵᠢᠴᠢ ᠪᠡᠯᠭᠡ ᠶᠢᠨ ᠬᠠᠯᠳᠠᠯᠭ᠎ᠠ ᠳᠤ ᠬᠤᠯᠪᠣᠭᠳᠠᠭᠰᠠᠨ ᠬᠡᠷᠡᠭ ᠤᠨ ᠪᠠᠭᠰᠢ ᠠᠵᠢᠯᠲᠠᠨ ᠠᠵᠢᠯᠴᠢᠨ ᠤ ᠠᠵᠢᠯ ᠡᠷᠭᠢᠯᠡᠬᠦ ᠶᠢ ᠴᠠᠭᠠᠵᠠᠯᠠᠬᠤ ᠠᠵᠢᠯ ᠤᠨ ᠲᠤᠬᠠᠶ ᠲᠣᠭᠲᠠᠭᠠᠯ︾᠂ ︽ᠰᠣᠷᠣᠭᠴᠢ ᠳᠤ ᠬᠠᠯᠳᠠᠭᠰᠠᠨ ᠦᠢᠯᠨ ᠠᠵᠢᠯᠯᠠᠭ᠎ᠠ ᠶᠢ ᠢᠯᠡᠷᠡᠭᠦᠯᠬᠦ ᠠᠯᠪᠠᠳᠠᠯᠭ᠎ᠠ ᠶᠢᠨ ᠮᠡᠳᠡᠭᠦᠯᠦᠯᠲᠡ ᠶᠢᠨ ᠲᠤᠬᠠᠶ ᠲᠣᠭᠲᠠᠭᠠᠯ︾ ᠵᠡᠷᠭᠡ 7 ᠬᠤᠪᠢ ᠪᠢᠴᠢᠭ ᠮᠠᠲ᠋ᠧᠷᠢᠶᠠᠯ ᠪᠠᠶᠢᠭᠤᠯᠵᠤ᠂ ᠬᠠᠪᠰᠤᠷᠤᠨ ᠰᠤᠷᠭᠠᠬᠤ ᠲᠦᠷᠢᠮ 10 ᠶᠢ ᠬᠠᠮᠲᠤ ᠪᠠᠷ ᠪᠠᠶᠢᠭᠤᠯᠬᠤ ᠶᠢᠨ ᠬᠠᠮᠲᠤ ᠬᠤᠤᠷᠯᠠᠭᠳᠠᠭᠰᠠᠨ ᠰᠣᠷᠣᠭᠴᠢ ᠶᠢ ᠠᠪᠤᠷᠠᠨ ᠲᠤᠰᠠᠯᠠᠬᠤ ︽ᠰᠠᠭᠠᠳ ᠥᠬᠡᠶ ᠨᠡᠪᠲᠡᠷᠡᠬᠦ ᠵᠠᠮ︾ ᠢ ᠲᠦᠷᠦᠭᠦᠯᠡᠨ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠨᠡᠶᠢᠯᠡᠮᠡᠯ ᠬᠦᠴᠦᠨ ᠢ ᠦᠨᠡᠨ ᠬᠦ ᠪᠣᠶ ᠪᠣᠯᠭᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号