ᠬᠤᠷᠴᠢᠨ ᠲᠣᠭᠤᠷᠢᠭ ︽ᠬᠤᠶᠠᠷ ᠬᠤᠷᠠᠯ︾ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠥᠬᠦ ᠬᠦᠴᠦ ᠪᠠᠷ ᠢᠶᠠᠨ ᠪᠠᠳᠤᠯᠠᠵᠤ ᠪᠤᠢ
ᠨᠡᠶᠢᠲᠡᠯᠡᠭᠰᠡᠨ ᠴᠠᠭ᠄
2020-04-14
 ᠲᠦᠩᠯᠢᠶᠣᠤ ᠬᠤᠲᠠ ᠶᠢᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠤᠷᠴᠢᠨ  ᠲᠤᠭᠤᠷᠢᠭ ᠨᠠᠷᠢᠨ ᠨᠢᠮᠪᠠᠶ ᠪᠠᠶᠢᠷᠢᠯᠠᠭᠤᠯᠵᠤ᠂ ᠤᠷᠢᠳᠴᠢᠯᠠᠨ ᠣᠷᠣᠯᠴᠠᠵᠤ᠂ ᠴᠢᠩᠭ᠎ᠠ ᠬᠢᠨᠠᠨ ᠡᠵᠡᠮᠳᠡᠵᠦ᠂ ᠢᠳᠡᠭᠡᠨ ᠤ  ᠬᠤᠤᠷᠳᠠᠭᠳᠠᠯ ᠪᠠ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ᠎ᠡ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯᠲᠠᠨ ᠢ ᠪᠣᠳᠠᠲᠠᠶᠢᠵᠢᠭᠤᠯᠬᠤ᠂ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯ ᠢ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠬᠢᠨᠠᠨ ᠬᠠᠮᠢᠶᠠᠷᠬᠤ ᠠᠵᠢᠯᠲᠠᠳ ᠲᠥᠯᠥᠭᠡᠯᠡᠭᠴᠢᠳ ᠤᠨ ᠬᠤᠭᠤᠯᠠ ᠢᠳᠡᠵᠦ ᠬᠤᠨᠣᠬᠤ ᠰᠢᠨ ᠳ᠋ᠡ ᠣᠯᠠᠨ ᠤᠯᠤᠰ ᠤᠨ ᠲᠣᠮᠣ ᠪᠠᠭᠤᠳᠠᠯ ᠳᠤ ᠤᠷᠢᠳᠴᠢᠯᠠᠨ ᠬᠦᠷᠴᠦ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠬᠢᠷᠢ ᠬᠡᠮ᠂ ᠢᠳᠡᠭᠡᠨ  ᠤᠮᠳᠠᠭᠠᠨ ᠤ ᠠᠵᠢᠯᠯᠠᠭᠠᠨ ᠤ ᠲᠠᠰᠤᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠪᠠᠶᠢᠴᠠᠭᠠᠨ ᠰᠢᠯᠭᠠᠯᠲᠠ ᠶᠢᠨ ᠲᠡᠮᠳᠡᠭᠯᠡᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠢᠳᠡᠭᠡᠨ ᠤ ᠥᠯᠢᠭᠡᠷ ᠶᠠᠩᠵᠤ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠠᠴᠠ ᠭᠠᠳᠠᠨ᠎ᠠ᠂ 24 ᠴᠠᠭ ᠤᠨ ᠴᠡᠭ ᠲᠤ ᠰᠠᠭᠤᠵᠤ ᠬᠢᠨᠠᠯᠲᠠ ᠲᠠᠯᠪᠢᠵᠤ᠂ ᠢᠳᠡᠭᠡᠨ ᠤᠮᠳᠠᠭᠠᠨ ᠤ  ᠵᠦᠢᠯ ᠤᠨ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠭᠥᠯᠢᠶᠡᠨ ᠠᠪᠬᠤ ᠨᠢᠭᠡᠴᠡ ᠶᠢᠨ ᠢᠳᠡᠭᠡᠨ ᠤ ᠲᠦᠭᠦᠬᠡᠶ ᠮᠠᠲ᠋ᠧᠷᠢᠶᠠᠯ ᠵᠢᠴᠢ ᠢᠳᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠢ ᠬᠤᠳᠠᠯᠳᠤᠨ ᠠᠪᠴᠤ ᠰᠢᠯᠭᠠᠨ ᠠᠪᠬᠤ᠂ ᠢᠳᠡᠭᠡᠨ ᠢ ᠤᠬᠢᠶᠠᠵᠤ ᠴᠡᠪᠡᠷᠯᠡᠬᠦ᠂ ᠡᠳ᠋ᠰᠢᠭᠦᠯᠦᠨ ᠦᠢᠯᠡᠳᠬᠦ᠂ ᠲᠠᠯᠠᠪᠤᠷ ᠭᠠᠵᠠᠷ ᠤᠨ ᠪᠡᠯᠡᠳᠬᠡᠮᠵᠢ ᠶᠢ ᠠᠷᠢᠭᠤᠳᠬᠠᠬᠤ ᠵᠢᠴᠢ ᠢᠳᠡᠭᠡᠨ ᠤ ᠶᠠᠩᠵᠤ ᠦᠯᠡᠳᠡᠭᠡᠬᠦ ᠵᠡᠷᠭᠡ ᠭᠤᠭᠴᠤᠭ᠎ᠠ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃    ᠬᠤᠷᠠᠯ ᠤᠨ ᠬᠤᠭᠤᠴᠠᠭᠠᠨ ᠳᠤ᠂ ᠬᠤᠷᠴᠢᠨ ᠲᠣᠭᠤᠷᠢᠭ ᠢᠳᠡᠭᠡᠨ ᠤ ᠲᠦᠷᠭᠡᠨ ᠪᠠᠶᠢᠴᠠᠭᠠᠯᠲᠠ ᠶᠢᠨ ᠮᠠᠰᠢᠨ ᠲᠡᠷᠭᠡ  ᠬᠢᠭᠡᠳ ᠰᠢᠯᠭᠠᠨ ᠪᠠᠶᠢᠴᠠᠭᠠᠬᠤ ᠠᠵᠢᠯᠲᠠᠨ ᠢ ᠬᠥᠳᠡᠯᠭᠡᠨ᠂ ᠭᠤᠤᠯᠳᠠᠯᠭ᠎ᠠ ᠲᠠᠢ ᠢᠳᠡᠭᠡᠨ ᠤ ᠲᠦᠭᠦᠬᠡᠶ ᠮᠠᠲ᠋ᠧᠷᠢᠶᠠᠯ ᠳᠤ ᠥᠯᠢᠭᠡᠷ ᠠᠪᠴᠤ ᠰᠢᠯᠭᠠᠨ ᠪᠠᠶᠢᠴᠠᠭᠠᠵᠤ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠣᠭᠤᠮᠲᠠ ᠶᠢ ᠴᠢᠩᠭ᠎ᠠ  ᠡᠵᠡᠮᠳᠡᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠪᠠᠶᠢᠴᠠᠭᠠᠨ ᠠᠷᠢᠯᠭᠠᠵᠤ᠂ ᠬᠤᠷᠠᠯ ᠳᠤ  ᠤᠷᠤᠯᠴᠠᠭᠰᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠵᠤ᠂ ᠲᠦᠩᠯᠢᠶᠣᠤ ᠬᠤᠲᠠ ᠶᠢᠨ ︽ᠬᠤᠶᠠᠷ ᠬᠤᠷᠠᠯ︾ ᠤᠨ ᠤᠷᠤᠭᠰᠢᠲᠠᠶ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠬᠦᠴᠦᠯᠡᠨ ᠪᠠᠳᠤᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号