ᠬᠤᠷᠴᠢᠨ ᠲᠣᠭᠤᠷᠢᠭ ᠠᠮᠤᠷ ᠢ ᠬᠠᠮᠠᠭᠠᠯᠠᠬᠤ ᠶᠡᠭᠡ ᠪᠠᠶᠢᠴᠠᠭᠠᠯᠲᠠ ᠶᠢᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-14
  ᠪᠦᠬᠦ ᠬᠤᠲᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠪᠦᠬᠦ ᠲᠤᠭᠤᠷᠢᠭ ᠤᠨ ᠨᠡᠶᠢᠭᠡᠮ ᠤᠨ ᠠᠮᠤᠷ ᠲᠦᠪᠰᠢᠨ ᠲᠤᠭᠲᠠᠭᠤᠨ ᠢ ᠪᠠᠲᠤᠯᠠᠵᠤ᠂ ᠨᠡᠶᠢᠭᠡᠮ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ  ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠢ ᠴᠢᠷᠮᠠᠶᠢᠨ ᠪᠣᠶ ᠪᠣᠯᠭᠠᠬᠤ ᠶᠢᠨ ᠲᠥᠯᠥᠭᠡ᠂ 2020 ᠤᠨ ᠤ 4 ᠰᠠᠷ᠎ᠠ ᠶᠢᠨ 8 ᠤ ᠣᠷᠣᠶ ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠮᠤᠷ ᠢ ᠬᠠᠮᠠᠭᠠᠯᠠᠬᠤ ᠠᠵᠢᠯ ᠢ ᠲᠥᠪᠯᠡᠷᠡᠭᠦᠯᠦᠨ ᠨᠢᠭᠡᠳᠦᠯᠲᠡᠶ ᠠᠵᠢᠯᠯᠠᠭ᠎ᠠ ᠥᠷᠨᠢᠭᠦᠯᠵᠡᠶ᠃ ᠠᠶᠠᠨᠴᠢᠳ ᠤᠨ ᠪᠠᠭᠤᠳᠠᠯ᠂ ᠲᠦᠷᠢᠶᠡᠰᠦᠨ ᠬᠡᠷ᠂ ᠡᠳᠦᠷ ᠲᠤᠲᠤᠮ ᠤᠨ ᠲᠦᠷᠢᠶᠡᠰᠦᠨ ᠬᠡᠷ᠂ ᠰᠦᠯᠵᠢᠶᠡᠨ ᠤ ᠪᠠᠭᠠᠷ᠂ KTV ᠳᠠᠭᠤᠤ ᠪᠥᠵᠢᠭ ᠤᠨ ᠲᠢᠩᠬᠢᠮ ᠵᠡᠷᠭᠡ ᠠᠵᠢᠯ ᠲᠥᠷᠥᠯ ᠤᠨ ᠲᠠᠯᠠᠪᠤᠷ ᠲᠤ ᠭᠤᠤᠯᠳᠠᠯᠭ᠎ᠠ ᠲᠠᠢ ᠴᠡᠪᠡᠷᠯᠡᠨ ᠪᠠᠶᠢᠴᠠᠭᠠᠬᠤ ᠪᠠ ᠪᠠᠶᠢᠴᠠᠭᠠᠯᠲᠠ ᠬᠢᠵᠦ᠂ ᠨᠢᠭᠡ ᠪᠦᠯᠦᠭ ᠠᠮᠤᠷ ᠲᠦᠪᠰᠢᠨ ᠤ ᠡᠷᠦᠶ ᠬᠤᠷᠤᠶ ᠥᠬᠡᠶ ᠪᠠᠶᠢᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠨᠢᠭᠡ ᠪᠦᠯᠦᠭ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠢ ᠨᠥᠯᠥᠭᠡᠯᠡᠬᠦ ᠴᠢᠬᠤᠯᠠ ᠶᠡᠭᠡ ᠬᠡᠷᠡᠭ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠠᠵᠢᠯᠯᠠᠭ᠎ᠠ ᠶᠢᠨ ᠳᠤᠮᠳᠠ ᠳᠠᠶᠢᠨ ᠳᠤ ᠣᠷᠣᠯᠴᠠᠭᠰᠠᠨ ᠡᠯ᠎ᠡ ᠨᠢᠭᠡᠴᠡ ᠨᠢᠭᠲᠠ ᠬᠠᠮᠵᠢᠯᠴᠠᠵᠤ᠂ ᠭᠤᠤᠯᠳᠠᠯᠭ᠎ᠠ   ᠶᠢ ᠳᠣᠪᠤᠶᠢᠯᠭᠠᠵᠤ᠂ ᠨᠢᠳᠤᠷᠭ᠎ᠠ ᠵᠠᠩᠭᠢᠳᠴᠤ᠂ ᠬᠠᠮᠲᠤᠷᠠᠨ ᠪᠠᠶᠢᠯᠳᠤᠵᠤ᠂ ︽ᠴᠡᠪᠡᠷᠯᠡᠨ ᠪᠠᠶᠢᠴᠠᠭᠠᠬᠤ᠂  ᠭᠤᠤᠯᠳᠠᠯᠭ᠎ᠠ ᠲᠠᠢ ᠪᠠᠶᠢᠴᠠᠭᠠᠬᠤ᠂ ᠵᠡᠭᠡᠯᠢ ᠳᠡᠭᠡᠷ᠎ᠡ ᠲᠣᠭᠤᠷᠢᠨ ᠴᠠᠭᠳᠠᠬᠤ︾ ᠶᠢ ᠪᠠᠷᠢᠮᠲᠠᠯᠠᠨ᠂ ︽ᠪᠦᠬᠦ ᠲᠠᠯ᠎ᠠ ᠪᠠᠷ ᠪᠠᠶᠢᠴᠠᠭᠠᠬᠤ᠂ ᠨᠢᠭᠡ ᠶᠢ ᠴᠦ ᠣᠷᠬᠢᠭᠳᠠᠭᠤᠯᠬᠤ ᠦᠭᠡᠢ︾ ᠱᠠᠭᠠᠷᠳᠠᠯᠭ᠎ᠠ ᠶᠣᠰᠣᠭᠠᠷ᠂ ᠬᠠᠷᠢᠶ᠎ᠠ ᠭᠠᠵᠠᠷ ᠤᠨ ᠬᠠᠮᠢᠶᠠᠷᠤᠯᠲᠠ ᠪᠣᠯᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ  ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ︽ᠨᠡᠶᠢᠳᠡᠮ ᠳᠤᠨᠢ ᠪᠠᠶᠢᠴᠠᠭᠠᠬᠤ᠂ ᠴᠡᠭ ᠳᠡᠭᠡᠷ᠎ᠡ ᠡᠵᠡᠮᠳᠡᠬᠦ᠂  ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠬᠤ᠂ ᠭᠤᠣᠯᠳᠠᠯᠭ᠎ᠠ ᠲᠠᠢ ᠴᠣᠬᠢᠯᠲᠠ ᠥᠭᠬᠦ︾ ᠵᠡᠷᠭᠡ ᠣᠯᠠᠨ ᠠᠷᠭ᠎ᠠ ᠬᠡᠮᠵᠢᠶ᠎ᠡ ᠠᠪᠬᠤ ᠪᠠᠷ ᠳᠠᠮᠵᠢᠨ᠂ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠶᠢ ᠶᠡᠭᠡ ᠬᠡᠪᠴᠢᠶ᠎ᠡ ᠪᠠᠷ  ᠬᠡᠷᠡᠭᠵᠢᠭᠦᠯᠦᠨ᠎ᠡ᠃ ᠪᠥᠬᠦ  ᠲᠤᠭᠤᠷᠢᠭ ᠤᠨ ᠬᠡᠪᠴᠢᠶᠡᠨ ᠳᠠᠬᠢ ᠠᠶᠠᠨᠴᠢᠳ ᠤᠨ ᠪᠠᠭᠤᠳᠠᠯ᠂ ᠲᠦᠷᠢᠶᠡᠰᠦᠨ ᠬᠡᠷ᠂ ᠡᠳᠦᠷ ᠢᠶᠠᠷ  ᠲᠦᠷᠢᠶᠡᠰᠦᠯᠡᠬᠦ ᠣᠷᠣᠨ ᠰᠠᠭᠤᠴᠠ᠂ ᠰᠦᠯᠵᠢᠶᠡᠨ ᠤ ᠪᠠᠭᠠᠷ᠂ KTV ᠳᠠᠭᠤᠤ ᠪᠥᠵᠢᠭ ᠤᠨ ᠲᠢᠩᠬᠢᠮ ᠵᠡᠷᠭᠡ ᠠᠮᠤᠷ ᠲᠦᠪᠰᠢᠨ ᠪᠤᠳᠤᠯᠢᠶᠠᠨᠲᠠᠶ ᠲᠠᠯᠠᠪᠤᠷ ᠲᠤ ᠲᠥᠪᠯᠡᠷᠡᠭᠦᠯᠦᠨ ᠪᠠᠶᠢᠴᠠᠭᠠᠨ ᠴᠡᠭᠴᠡᠯᠡᠨ ᠵᠠᠰᠠᠯᠲᠠ ᠬᠢᠵᠦ᠂ ᠪᠡᠶ᠎ᠡ ᠶᠢᠨ ᠭᠠᠷᠤᠯ ᠨᠢ ᠲᠣᠳᠣᠷᠬᠠᠶ ᠥᠬᠡᠶ᠂ ᠳᠦᠷᠰᠦ ᠪᠠᠶᠢᠳᠠᠯ ᠨᠢ ᠰᠡᠵᠢᠭᠯᠡᠯᠲᠡᠶ ᠬᠥᠮᠦᠰ ᠲᠤ ᠴᠢᠩᠭ᠎ᠠ ᠨᠢᠮᠪᠠᠶ ᠠᠷᠭ᠎ᠠ ᠬᠡᠮᠵᠢᠶ᠎ᠡ ᠠᠪᠴᠤ᠂ ᠲᠤᠳᠤᠳᠬᠠᠨ ᠪᠠᠶᠢᠳᠠᠯ ᠳᠤ ᠬᠤᠯᠪᠣᠭᠳᠠᠭᠰᠠᠨ ᠭᠤᠤᠯᠳᠠᠯᠭ᠎ᠠ ᠲᠠᠢ ᠬᠥᠮᠦᠰ ᠢ ᠴᠢᠩᠭ᠎ᠠ ᠡᠵᠡᠮᠳᠡᠪᠡ᠃    ᠲᠣᠰ ᠤᠳᠠᠭᠠᠨ ᠤ ᠠᠵᠢᠯᠯᠠᠭ᠎ᠠ ᠳᠤ᠂ ᠨᠡᠶᠢᠲᠡ 420 ᠭᠠᠷᠤᠶ ᠴᠠᠭᠳᠠᠭᠠᠨ ᠤ ᠬᠦᠴᠦᠨ ᠢ ᠬᠥᠳᠡᠯᠭᠡᠵᠦ᠂ 150  ᠴᠠᠭᠳᠠᠭᠠᠨ ᠤ ᠲᠡᠷᠭᠡ ᠶᠢ ᠬᠥᠳᠡᠯᠭᠡᠨ᠂ 231 ᠪᠠᠭᠤᠳᠠᠯ᠂ ᠰᠦᠯᠵᠢᠶᠡᠨ ᠤ ᠪᠠᠭᠠᠷ 66᠂ ᠳᠠᠭᠤᠤ ᠶᠢᠨ ᠲᠢᠩᠬᠢᠮ᠂  ᠲᠤᠭᠯᠠᠭᠠᠮ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠲᠠᠯᠠᠪᠤᠷ 70᠂ ᠴᠡᠴᠡᠷᠯᠢᠭ 3᠂  ᠠᠭᠤᠳᠠᠮ ᠲᠠᠯᠠᠪᠠᠶ 3᠂ ᠬᠥᠯ ᠤᠬᠢᠶᠠᠵᠤ ᠵᠠᠰᠠᠬᠤ ᠲᠠᠯᠠᠪᠤᠷ 21 ᠶᠢ ᠢᠯᠭᠠᠷᠠᠭᠤᠯᠤᠨ ᠪᠠᠶᠢᠴᠠᠭᠠᠭᠰᠠᠨ ᠪᠥᠭᠡᠳ ᠪᠠᠶᠢᠴᠠᠭᠠᠨ ᠲᠣᠳᠣᠷᠬᠠᠶᠢᠯᠠᠬᠤ ᠶᠠᠪᠤᠴᠠ ᠳᠤ ᠬᠠᠮᠢᠶ᠎ᠠ ᠪᠥᠬᠦᠶ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠵᠦ᠂ ᠪᠥᠬᠦ ᠲᠤᠭᠤᠷᠢᠭ ᠤᠨ ᠨᠡᠶᠢᠭᠡᠮ ᠤᠨ ᠠᠮᠤᠷ ᠲᠦᠪᠰᠢᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号