4 ᠰᠠᠷ᠎ᠠ ᠶᠢᠨ 13 ᠤ ᠡᠳᠦᠷ᠂ ᠬᠤᠷᠴᠢᠨ ᠲᠣᠭᠤᠷᠢᠭ ᠨᠢ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ | ᠪᠠᠯᠭᠠᠰᠤ ᠵᠡᠭᠡᠯᠢ ᠭᠤᠳᠤᠮᠵᠢ ᠳᠤ ᠨᠢᠭᠡᠳᠦᠯᠲᠡᠶ ᠰᠢᠢᠳᠪᠦᠷᠢᠯᠡᠬᠦ︾ ᠠᠵᠢᠯ ᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠩᠭᠢ ᠡᠷᠭᠢᠯᠡᠵᠦ᠂ ᠬᠤᠷᠴᠢᠨ ᠲᠣᠭᠤᠷᠢᠭ ᠤᠨ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ | ᠪᠠᠯᠭᠠᠰᠤ ᠵᠡᠭᠡᠯᠢ ᠭᠤᠳᠤᠮᠵᠢ ᠨᠢᠭᠡᠳᠦᠯᠲᠡᠶ ᠰᠢᠢᠳᠪᠦᠷᠢᠯᠡᠬᠦ︾ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠠᠷᠠᠳ ᠲᠦᠮᠡᠨ ᠳᠤ ᠦᠢᠯᠡᠴᠢᠯᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠤᠷᠴᠢᠨ | ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠡᠷᠬᠢᠯᠡᠭᠴᠢ ᠳ᠋ᠦ᠋ ᡁᠢ ᠵᠢᠶᠦ᠋ᠨ ᠣᠷᠣᠯᠴᠠᠪᠠ᠃ ᠡᠯ᠎ᠡ ᠪᠠᠯᠭᠠᠰᠤ᠂ ᠵᠡᠭᠡᠯᠢ᠂ ᠰᠤᠮᠤ᠂ ᠤᠯᠤᠰ ᠤᠨ ᠦᠮᠴᠢᠯᠡᠯᠲᠦ | ᠲᠠᠷᠢᠶᠠᠯᠠᠩ ᠮᠠᠯ ᠠᠵᠤ ᠠᠬᠤᠶ ᠣᠢ ᠰᠢᠭᠤᠶ ᠶᠢᠨ ᠲᠠᠯᠠᠪᠠᠢ ᠵᠡᠷᠭᠡ ᠬᠠᠮᠢᠶ᠎ᠠ ᠪᠦᠬᠦᠢ ᠨᠢᠭᠡᠴᠡ ᠶᠢᠨ ᠪᠣᠳᠠᠲᠠᠶ | ᠲᠤᠬᠠᠶᠢᠯᠠᠭᠰᠠᠨ ᠠᠵᠢᠯ ᠤᠨ ᠠᠵᠢᠯᠲᠠᠨ ᠪᠤᠯᠪᠠᠰᠤᠷᠠᠭᠤᠯᠬᠤ ᠳᠤ ᠣᠷᠣᠯᠴᠠᠬᠤ ᠬᠡᠷᠡᠭᠲᠡᠶ᠃ | ᠬᠤᠷᠠᠯ ᠠᠴᠠ ᠡᠩ ᠲᠡᠷᠢᠭᠦᠨ ᠳᠤ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠳ᠋ᠦ᠋ ᠾᠦᠢ ᠯᠢᠶᠠᠩ ᠤᠨ ᠬᠤᠷᠴᠢᠨ ᠲᠣᠭᠤᠷᠢᠭ ᠤᠨ ︽ᠨᠢᠭᠡᠳᠦᠭᠡᠷ ᠨᠣᠮᠧᠷ ᠢᠶᠠᠷ ᠪᠦᠬᠦᠨ ᠢ ᠰᠢᠢᠳᠪᠦᠷᠢᠯᠡᠬᠦ | ᠠᠯᠪᠠᠨ ᠬᠡᠷ᠂ ᠪᠠᠯᠭᠠᠰᠤ ᠵᠡᠭᠡᠯᠢ ᠭᠤᠳᠤᠮᠵᠢ ᠶᠢᠨ ᠨᠢᠭᠡᠳᠦᠯᠲᠡᠶ ᠰᠢᠢᠳᠪᠦᠷᠢᠯᠡᠬᠦ ᠠᠯᠪᠠᠨ ᠬᠡᠷ︾ ᠵᠢᠴᠢ ᠬᠤᠲᠠ | ᠬᠥᠳᠡᠭᠡ ᠶᠢ ᠵᠣᠯᠭᠠᠭᠤᠯᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ | ᠃ | ᠳ᠋ᠦ᠋ ᡁᠢ ᠵᠢᠶᠦ᠋ᠨ ᠵᠢᠭᠠᠵᠤ ᠭᠠᠷᠭᠠᠭᠰᠠᠨ ᠨᠢ᠂ ︽ᠨᠢᠭᠡᠳᠦᠭᠡᠷ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ | ᠪᠠᠯᠭᠠᠰᠤ ᠵᠡᠭᠡᠯᠢ ᠭᠤᠳᠤᠮᠵᠢ ᠨᠢᠭᠡᠳᠦᠯᠲᠡᠶ ᠰᠢᠢᠳᠪᠦᠷᠢᠯᠡᠬᠦ︾ ᠠᠵᠢᠯ ᠪᠣᠯ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠤ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ | ᠠᠬᠢᠭᠤᠯᠬᠤ ᠨᠢᠭᠡ ᠤᠳᠠᠭᠠᠨ ᠤ ᠴᠢᠬᠤᠯᠠ ᠶᠡᠭᠡ ᠥᠭᠡᠷᠡᠴᠢᠯᠡᠯᠲᠡ ᠪᠣᠯᠤᠨ᠎ᠠ᠂ ︽ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ | ᠴᠢᠬᠤᠯᠠ ᠠᠴᠢᠶᠠᠯᠠᠪᠤᠷᠢ ᠪᠣᠯᠤᠨ᠎ᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯᠳᠠᠯᠭ᠎ᠠ ᠶᠢ | ᠠᠳᠬᠤᠨ ᠪᠣᠳᠠᠲᠠᠶ ᠠᠰᠠᠭᠤᠳᠠᠯ ᠢ ᠳᠣᠪᠤᠶᠢᠯᠭᠠᠨ ᠰᠢᠢᠳᠪᠦᠷᠢᠯᠡᠵᠦ᠂ ᠬᠦᠴᠢᠷ ᠠᠰᠠᠭᠤᠳᠠᠯ ᠢ ᠤᠯᠠᠮ ᠨᠢᠭᠡ ᠠᠯᠬᠤᠮ | ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ | ᠨᠠᠮ ᠤᠨ ᠪᠠᠶᠢᠭᠤᠯᠤᠯᠲᠠ ᠶᠢ ᠬᠥᠲᠥᠯᠦᠨ ᠳᠠᠭᠠᠭᠤᠯᠵᠤ ︽ᠨᠢᠭᠡ ᠨᠤᠮᠧᠷ ᠢᠶᠠᠷ ᠪᠦᠬᠦᠨ ᠢ ᠰᠢᠢᠳᠪᠦᠷᠢᠯᠡᠬᠦ ᠂ | ᠪᠠᠯᠭᠠᠰᠤ ᠵᠡᠭᠡᠯᠢ ᠨᠢᠭᠡᠳᠦᠯᠲᠡᠶ ᠰᠢᠢᠳᠪᠦᠷᠢᠯᠡᠬᠦ︾ ᠠᠵᠢᠯ ᠢ ᠬᠢᠨᠠᠨ ᠰᠢᠯᠭᠠᠬᠤ ᠬᠡᠷᠡᠭᠲᠡᠶ᠃ ᠪᠣᠯᠪᠠᠰᠤᠷᠠᠭᠤᠯᠤᠯ ᠳᠤ | ᠣᠷᠣᠯᠴᠠᠭᠰᠠᠨ ᠬᠥᠮᠦᠰ ᠲᠣᠰ ᠤᠳᠠᠭᠠᠨ ᠤ ᠰᠤᠷᠤᠯᠴᠠᠬᠤ ᠲᠣᠬᠢᠶᠠᠯ ᠢ ᠭᠦᠶ᠋ᠴᠡᠳ ᠨᠠᠨᠳᠢᠩᠨᠠᠨ᠂ ᠰᠤᠷᠤᠯᠴᠠᠪᠠᠯ | ᠣᠯᠤᠯᠲᠠ ᠲᠠᠢ᠂ ᠰᠣᠷᠣᠭᠰᠠᠨ ᠢᠶᠠᠨ ᠬᠡᠷᠡᠭᠯᠡᠵᠦ᠂ ᠨᠠᠩ ᠣᠯᠠᠨ ᠣᠯᠠᠨ ᠲᠦᠮᠡᠨ ᠢ ᠬᠠᠪᠰᠤᠷᠤᠨ ᠪᠤᠳᠠᠲᠠᠢ | ᠬᠦᠴᠢᠷᠳᠡᠯ ᠢ ᠨᠢ ᠰᠢᠢᠳᠪᠦᠷᠢᠯᠡᠵᠦ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠪᠣᠯᠪᠠᠰᠤᠷᠠᠯ ᠤᠨ ᠠᠩᠭᠢ ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ 12345 ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠴᠢᠶᠠᠨ | ᠬᠤᠩ ᠪᠢᠨ ᠨᠥᠬᠦᠷ ᠢ ᠤᠷᠢᠵᠤ ᠪᠤᠳᠠᠳᠠᠢ ᠲᠤᠬᠠᠶᠢᠯᠠᠭᠰᠠᠨ ᠠᠵᠢᠯ ᠤᠨ ᠲᠤᠬᠠᠶ ᠲᠠᠶᠢᠯᠤᠮᠵᠢ ᠪᠠ ᠲᠤᠬᠠᠶ ᠶᠢᠨ | ᠲᠠᠯᠠᠪᠠᠶ ᠳᠤ ᠲᠠᠶᠢᠯᠤᠮᠵᠢ ᠬᠢᠵᠦ᠂ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠭᠤᠳᠤᠮᠵᠢ | ᠨᠢᠭᠡᠳᠦᠯᠲᠡᠶ ᠰᠢᠢᠳᠪᠦᠷᠢᠯᠡᠬᠦ︾ ᠠᠵᠢᠯ ᠤᠨ ︽ᠨᠢᠭᠡᠳᠦᠭᠡᠷ ᠹᠷᠣᠨᠲ︾ ᠳᠤ ᠠᠵᠢᠯᠯᠠᠵᠤ ᠪᠠᠶᠢᠭ᠎ᠠ ᠨᠥᠬᠦᠳ ᠢ ᠨᠠᠩ | ᠰᠢᠭᠤᠳ ᠢᠶᠠᠷ᠂ ᠡᠨᠡ ᠬᠦ ᠠᠵᠢᠯ ᠤᠨ ᠪᠣᠳᠠᠲᠠᠶ ᠶᠠᠪᠤᠴᠠ ᠶᠢ ᠨᠠᠩ ᠣᠨᠣᠪᠴᠢᠲᠠᠶ ᠤᠶᠢᠯᠠᠭᠠᠨ᠂ ᠡᠵᠡᠮᠰᠢᠵᠦ᠂ | ᠲᠣᠳᠣᠷᠬᠠᠶ ᠣᠶᠢᠯᠠᠭᠠᠵᠤ᠂ ᠡᠳᠦᠷ ᠲᠤᠲᠤᠮ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ᠂ | ᠰᠡᠵᠢᠭᠯᠡᠯ ᠲᠠᠢ᠂ ᠦᠨᠴᠦᠭ ᠪᠤᠯᠤᠩ ᠦᠯᠡᠳᠡᠭᠡᠯ ᠦᠭᠡᠢ ᠰᠢᠢᠳᠪᠦᠷᠢᠯᠡᠪᠡ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠡᠷᠭᠢᠯᠡᠭᠰᠡᠨ ᠨᠢ ᠦᠵᠡᠯ ᠰᠠᠨᠠᠭ᠎ᠠ ᠲᠠᠨᠢᠯᠲᠠ ᠪᠠᠨ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠤᠨ ᠴᠢᠭᠯᠡᠯ ᠪᠠ ᠭᠤᠤᠯᠳᠠᠯᠭ᠎ᠠ ᠶᠢ ᠲᠣᠳᠣᠷᠬᠠᠶᠢᠯᠠᠨ᠂ ᠥᠷᠭᠡᠨ ᠣᠯᠠᠨ | ᠰᠤᠷᠤᠭᠴᠢᠳ ᠤᠨ ᠨᠢᠭᠡᠳᠦᠯᠲᠡᠶ ᠨᠤᠲᠠᠯᠠᠯᠲᠠ ᠶᠢ ᠣᠯᠵᠤ᠂ ᠬᠤᠷᠴᠢᠨ ᠲᠣᠭᠤᠷᠢᠭ ᠤᠨ ︽ᠨᠢᠭᠡᠳᠦᠭᠡᠷ ᠨᠣᠮᠧᠷ ᠢᠶᠠᠷ | ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠨᠢᠭᠡᠳᠦᠯᠲᠡᠶ ᠰᠢᠢᠳᠪᠦᠷᠢᠯᠡᠬᠦ︾ ᠠᠵᠢᠯ ᠤᠨ ᠶᠠᠰᠤ ᠴᠢᠨᠠᠷ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ | | |