ᠨᠢᠭᠡ ᠳᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠵᠠᠮᠨᠠᠵᠤ᠂ ᠡᠮ ᠤᠨ ᠮᠠᠲ᠋ᠧᠷᠢᠶᠠᠯ ᠲᠠᠷᠢᠬᠤ | ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ | ᠱᠠᠨᠰᠢ ᠶᠢᠨ ᠬᠠᠢ ᠲᠢᠶᠠᠨ ᠡᠮ ᠬᠢᠬᠦ ᠡᠯᠡᠰᠦᠨ ᠥᠷᠭᠡᠰᠦ᠂ ᠬᠢᠲᠠᠳ ᠡᠮ ᠤᠨ ᠮᠠᠲ᠋ᠧᠷᠢᠶᠠᠯ ᠲᠠᠷᠢᠬᠤ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠬᠠᠢ ᠲᠢᠶᠠᠨ ᠡᠮ ᠦᠢᠯᠡᠳᠬᠦ ᠬᠠᠮᠤᠭ ᠤᠨ ᠶᠡᠭᠡ ᠲᠦᠭᠦᠬᠡᠢ ᠮᠠᠲ᠋ᠧᠷᠢᠶᠠᠯ ᠬᠠᠩᠭᠠᠬᠤ | ᠰᠠᠭᠤᠷᠢᠨ ᠭᠠᠵᠠᠷ ᠪᠣᠯᠪᠠ᠃ ᠣᠳᠣᠬᠠᠨ ᠳᠤ᠂ ᠨᠢᠭᠡᠨᠲᠡ ᠴᠢᠴᠠᠷᠭᠠᠨ᠎ᠠ᠂ ᠬᠤᠷᠳᠤᠨ ᠴᠠᠭᠠᠨ᠂ ᠬᠤᠨᠴᠢᠷ ᠵᠡᠷᠭᠡ 1.2 | ᠲᠦᠮᠡᠨ ᠮᠥ ᠳᠠᠷᠢᠵᠤ᠂ 2020 ᠣᠨ ᠳᠤ 2.5 ᠲᠦᠮᠡᠨ ᠮᠥ ᠪᠣᠯᠪᠠ᠃ ᠬᠢᠲᠠᠳ ᠮᠣᠩᠭᠤᠯ ᠡᠮ ᠤᠨ ᠠᠵᠤ | ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠪᠣᠯᠤᠨ | ᠲᠠᠷᠢᠶᠠᠴᠢᠨ ᠡᠷᠦᠬᠡ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠬᠠᠶ ᠲᠢᠶᠠᠨ ᠤ ᠬᠢᠲᠠᠳ | ᠮᠣᠩᠭᠤᠯ ᠡᠮ ᠤᠨ ᠮᠠᠲ᠋ᠧᠷᠢᠶᠠᠯ ᠤᠨ ᠴᠢᠨᠠᠬᠤ ᠡᠮ ᠤᠨ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠴᠢᠩ ᠾᠧ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠥᠷᠥᠯ ᠵᠦᠢᠯ ᠤᠨ | ᠭᠠᠵᠠᠷ ᠲᠠᠲᠠᠪᠤᠷᠢᠯᠠᠬᠤ ᠠᠵᠢᠯ ᠶᠠᠭ ᠶᠠᠪᠤᠭᠳᠠᠵᠤ ᠪᠠᠶᠢᠨ᠎ᠠ᠃ | ᠬᠤᠶᠠᠷ ᠲᠤ ᠲᠠᠷᠢᠵᠤ ᠲᠡᠵᠢᠭᠡᠬᠦ ᠶᠢ ᠤᠶᠠᠯᠳᠤᠭᠤᠯᠬᠤ ᠵᠠᠮ ᠢᠶᠠᠷ ᠵᠠᠮᠨᠠᠵᠤ᠂ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠥᠬᠦ ᠪᠠᠯᠭᠠᠰᠤᠨ ᠤ ᠣᠶᠢᠲᠤ ᠭᠠᠵᠠᠷ ᠤᠨ ᠲᠠᠯᠠᠪᠠᠶ ᠨᠢ | ᠶᠡᠭᠡ ᠪᠠᠶᠢᠬᠤ ᠳᠠᠪᠠᠭᠤᠯᠢᠭ ᠲᠤ ᠲᠦᠰᠢᠭᠯᠡᠨ᠂ ᠡᠪᠡᠰᠦᠲᠦ ᠭᠠᠵᠠᠷ ᠤᠨ ᠴᠠᠭᠠᠨ ᠭᠠᠯᠠᠭᠤ ᠲᠡᠵᠢᠭᠡᠨ ᠦᠷᠡᠵᠢᠭᠦᠯᠬᠦ | ᠠᠵᠤ ᠦᠢᠯᠡᠰ ᠢ ᠬᠦᠴᠦᠯᠡᠨ ᠰᠠᠨᠠᠭᠠᠴᠢᠯᠠᠨ ᠬᠥᠭᠵᠢᠭᠦᠯᠵᠦ᠂ ᠤᠬᠠᠭᠤᠯᠤᠨ ᠳᠠᠶᠢᠴᠢᠯᠠᠬᠤ᠂ ᠵᠢᠱᠢᠶ᠎ᠡ ᠦᠵᠡᠭᠦᠯᠦᠨ | ᠳᠠᠶᠢᠴᠢᠯᠠᠬᠤ᠂ ᠲᠥᠷᠥ ᠶᠢᠨ ᠪᠣᠳᠣᠯᠭ᠎ᠠ ᠪᠠᠷ ᠳᠠᠶᠢᠴᠢᠯᠠᠬᠤ᠂ ᠦᠢᠯᠡᠴᠢᠯᠡᠭᠡ ᠪᠠᠷ ᠠᠬᠢᠭᠤᠯᠬᠤ ᠵᠡᠷᠭᠡ ᠠᠯᠢ ᠣᠯᠠᠨ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠯᠠᠨ ᠲᠦᠮᠡᠨ ᠢ ᠳᠠᠶᠢᠴᠢᠯᠠᠨ ᠴᠠᠭᠠᠨ ᠭᠠᠯᠠᠭᠤ ᠲᠡᠵᠢᠭᠡᠨ ᠦᠷᠡᠵᠢᠭᠦᠯᠬᠦ ᠶᠢ | ᠬᠥᠭᠵᠢᠭᠦᠯᠦᠨ᠎ᠡ᠃ ᠶᠦᠩ ᠾᠧ ᠲᠦᠨ ᠲᠣᠰᠬᠤᠨ ᠤ ᠨᠠᠮ ᠤᠨ ᠡᠭᠦᠷ ᠲᠦᠷᠦᠭᠦᠯᠡᠨ ᠶᠦᠩ ᠾᠧ ᠳᠦᠨ | ᠲᠣᠰᠬᠤᠨ ᠤ ᠴᠠᠭᠠᠨ ᠭᠠᠯᠠᠭᠤ ᠨᠡᠪᠴᠢᠭᠦᠯᠬᠦ ᠦᠢᠯᠡᠳᠪᠦᠷᠢ ᠶᠢ ᠪᠠᠶᠢᠭᠤᠯᠵᠤ᠂ ᠵᠢᠯ ᠳᠤ 28 ᠲᠦᠮᠡᠨ ᠴᠠᠭᠠᠨ | ᠭᠠᠯᠠᠭᠤ ᠨᠡᠪᠴᠢᠭᠦᠯᠬᠦ ᠶᠢ ᠪᠡᠶᠡᠯᠡᠭᠦᠯᠵᠦ᠂ 2019 ᠣᠨ ᠳᠤ ᠨᠠᠨ ᠹᠠ ᠲᠣᠰᠬᠤᠨ ᠤ ᠬᠤᠢ ᠸᠧᠢ ᠴᠠᠭᠠᠨ ᠭᠠᠯᠠᠭᠤ | ᠲᠡᠵᠢᠭᠡᠨ ᠦᠷᠡᠵᠢᠭᠦᠯᠬᠦ ᠬᠤᠷᠰᠢᠶ᠎ᠠ ᠵᠡᠷᠭᠡ 5 ᠴᠠᠭᠠᠨ ᠭᠠᠯᠠᠭᠤ ᠲᠡᠵᠢᠭᠡᠨ ᠦᠷᠡᠵᠢᠭᠦᠯᠬᠦ ᠲᠤᠮᠤ ᠡᠷᠦᠬᠡ ᠶᠢ | ᠲᠠᠶᠢᠴᠢᠯᠠᠵᠤ᠂ ᠪᠦᠬᠦ ᠪᠠᠯᠭᠠᠰᠤᠨ ᠤ 30 ᠲᠦᠮᠡ ᠰᠢᠬᠠᠮ ᠴᠠᠭᠠᠨ ᠭᠠᠯᠠᠭᠤ ᠲᠡᠵᠢᠭᠡᠨ ᠦᠷᠡᠵᠢᠭᠦᠯᠵᠦ ᠪᠣᠯᠤᠨ᠎ᠠ᠃ | ᠴᠠᠭᠠᠨ ᠭᠠᠯᠠᠭᠤ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠦᠯᠦᠭᠡ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠴᠠ ᠡᠭᠦᠰᠴᠦ᠂ ᠴᠠᠭᠠᠨ ᠭᠠᠯᠠᠭᠤ ᠨᠢᠲᠤᠯᠬᠤ | ᠦᠢᠯᠡᠳᠪᠦᠷᠢ ᠪᠠᠶᠢᠭᠤᠯᠵᠤ᠂ ᠣᠷᠴᠢᠨ ᠲᠣᠭᠤᠷᠢᠨ ᠤ ᠦᠨᠡᠯᠡᠯᠲᠡ᠂ ᠤᠰᠤᠨ ᠤ ᠰᠢᠨᠵᠢᠯᠡᠯᠲᠡ ᠵᠡᠷᠭᠡ ᠭᠠᠷᠳᠠᠮ ᠢ | ᠨᠢᠭᠡᠨᠲᠡ ᠭᠦᠢᠴᠡᠳᠭᠡᠵᠦ ᠳᠠᠭᠤᠰᠬᠠᠭᠠᠳ᠂ ᠭᠠᠵᠠᠷ ᠰᠢᠷᠣᠶ ᠶᠢᠨ ᠬᠢᠨᠠᠨ ᠵᠥᠪᠰᠢᠶᠡᠷᠡᠯ ᠢ ᠶᠠᠭ ᠶᠠᠪᠤᠭᠳᠠᠭᠤᠯᠵᠤ | ᠪᠠᠶᠢᠨ᠎ᠠ᠃ ᠴᠠᠭᠠᠨ ᠲᠠᠭᠲᠠᠭ᠎ᠠ ᠶᠢᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠲᠠᠶᠢᠫᠢᠩ ᠾᠧ ᠲᠣᠰᠬᠤᠨ ᠤ | ᠮᠠᠯ ᠠᠵᠤ ᠠᠬᠤᠢ ᠶᠢᠨ ᠠᠯᠠᠰᠢᠨ ᠲᠠᠭᠲᠠᠭ᠎ᠠ ᠲᠡᠵᠢᠭᠡᠨ ᠦᠷᠡᠵᠢᠭᠦᠯᠬᠦ ᠬᠤᠷᠰᠢᠶ᠎ᠠ ᠶᠢ ᠳᠠᠩᠰᠠᠯᠠᠭᠤᠯᠤᠨ ᠪᠠᠶᠢᠭᠤᠯᠵᠤ᠂ | ᠣᠳᠣᠬᠠᠨ ᠳᠤ 7000 ᠥᠲᠥ ᠬᠠᠳᠠᠭᠠᠯᠠᠵᠤ᠂ ᠣᠶᠢᠷ᠎ᠠ ᠬᠠᠪᠢ ᠶᠢᠨ ᠠᠶᠢᠯ ᠲᠣᠰᠬᠤᠨ ᠢ ᠳᠠᠶᠢᠴᠢᠯᠠᠨ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠢᠵᠦ᠂ ᠪᠤᠭᠤᠳᠠᠶ᠂ ᠰᠢᠰᠢ ᠵᠡᠷᠭᠡ ᠲᠠᠭᠲᠠᠭ᠎ᠠ ᠶᠢᠨ ᠠᠮᠤ ᠶᠢ | ᠲᠠᠷᠢᠵᠤ᠂ ᠰᠢᠨᠵᠢᠯᠡᠬᠦ ᠤᠬᠠᠭᠠᠨᠴᠢ ᠪᠠᠷ ᠡᠷᠭᠢᠯᠲᠤᠯᠲᠦ ᠲᠠᠷᠢᠵᠤ ᠲᠡᠵᠢᠭᠡᠬᠦ ᠠᠮᠢ ᠠᠬᠤᠶ ᠶᠢ ᠪᠡᠶᠡᠯᠡᠭᠦᠯᠵᠦ᠂ ᠪᠦᠬᠦ | ᠪᠠᠯᠭᠠᠰᠤᠨ ᠤ ᠮᠠᠯ ᠠᠵᠤ ᠠᠬᠤᠶ ᠲᠡᠵᠢᠭᠡᠨ ᠦᠷᠡᠵᠢᠭᠦᠯᠬᠦ ᠦᠢᠯᠡᠰ ᠤᠨ ᠪᠣᠬᠢᠷᠲᠤᠯ ᠦᠭᠡᠶ ᠬᠥᠭᠵᠢᠯᠲᠡ ᠶᠢ | ᠠᠬᠢᠭᠤᠯᠵᠠᠶ᠃ | ᠭᠤᠷᠪᠠ ᠳᠤ ᠢᠳᠡᠰᠢᠨ ᠨᠣᠭᠤᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠵᠠᠮ ᠢᠶᠠᠷ ᠵᠠᠮᠨᠠᠵᠤ᠂ ᠪᠣᠬᠢᠷᠲᠤᠯ | ᠥᠬᠡᠶ ᠠᠮᠢ ᠠᠬᠤᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ 1130 ᠲᠦᠮᠡᠨ ᠲᠥᠭᠦᠷᠢᠭ ᠤᠨ ᠪᠠᠯᠠ | ᠣᠷᠣᠭᠤᠯᠵᠤ᠂ 432 ᠮᠥ ᠲᠠᠯᠠᠪᠠᠶ ᠪᠥᠬᠦᠶ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ | ᠪᠠᠶᠢᠭᠤᠯᠵᠤ᠂ ᠨᠢᠭᠡᠳᠦᠭᠡᠷ ᠬᠤᠭᠤᠴᠠᠭᠠᠨ ᠳᠤ ᠨᠡᠷᠡᠨ ᠤ ᠬᠡᠷᠡᠯ ᠤᠨ ᠬᠦᠯᠡᠮᠵᠢ 46 ᠰᠠᠭᠤᠷᠢ ᠳᠤᠯᠠᠭᠠᠨ ᠰᠠᠷᠠᠪᠴᠢ | ᠪᠠᠶᠢᠭᠤᠯᠵᠤ᠂ ᠬᠤᠶᠠᠳᠤᠭᠠᠷ ᠬᠤᠭᠤᠴᠠᠭᠠᠨ ᠳᠤ 16 ᠰᠠᠭᠤᠷᠢ ᠪᠥᠲᠥᠭᠡᠨ ᠪᠠᠶᠢᠭᠤᠯᠤᠨ᠎ᠠ᠃ ᠲᠣᠰ ᠲᠥᠷᠥᠯ ᠤᠨ | ᠪᠥᠲᠥᠭᠡᠨ ᠪᠠᠶᠢᠭᠤᠯᠤᠯᠲᠠ ᠨᠢ ᠭᠤᠤᠯ ᠬᠤᠲᠠ ᠶᠢᠨ ᠲᠣᠭᠤᠷᠢᠭ ᠤᠨ ᠢᠳᠡᠰᠢᠨ ᠨᠣᠭᠤᠭ᠎ᠠ ᠬᠠᠩᠭᠠᠬᠤ ᠰᠠᠭᠤᠷᠢᠨ | ᠭᠠᠵᠠᠷ᠂ ᠪᠣᠬᠢᠷᠲᠤᠯ ᠥᠬᠡᠶ ᠢᠳᠡᠰᠢᠨ ᠨᠣᠭᠤᠭ᠎ᠠ ᠶᠢᠨ ᠥᠨᠳᠥᠷ ᠦᠷ᠎ᠡ ᠠᠰᠢᠭᠲᠤ ᠦᠢᠯᠡᠳᠪᠦᠷᠢᠯᠡᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠣᠯᠵᠣ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠤᠨ ᠶᠠᠳᠠᠭᠤ | ᠬᠦᠴᠢᠷᠲᠡᠯᠲᠡᠢ ᠬᠥᠮᠦᠨ ᠠᠮᠠ ᠶᠢ ᠴᠥᠭᠡᠳᠬᠡᠨ ᠠᠵᠢᠯ ᠣᠯᠭᠤᠬᠤ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠠᠵᠢᠯ | ᠮᠡᠷᠭᠡᠵᠢᠯ ᠤᠨ ᠲᠠᠷᠢᠶᠠᠴᠢᠳ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠬᠠᠮᠲᠤ ᠶᠢᠨ ᠠᠵᠤ ᠠᠬᠤᠶ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠵᠠᠭᠠᠶᠢᠷᠠᠭᠤᠯᠬᠤ ᠪᠣᠯᠤᠨ᠎ᠠ᠃ ᠡᠭᠦᠨ ᠤ ᠬᠠᠮᠲᠤ᠂ ᠲᠣᠰ ᠲᠥᠷᠥᠯ | ᠵᠦᠢᠯ ᠨᠢ ᠲᠦᠩᠯᠢᠶᠣᠤ ᠬᠤᠲᠠ ᠶᠢᠨ ᠶᠦᠨ ᠳ᠋ᠠ ᠲᠠᠷᠢᠶᠠᠯᠠᠩ ᠤᠨ ᠪᠦᠲᠦᠭᠡᠭᠳᠡᠭᠦᠨ ᠤ ᠢᠳᠡᠰᠢᠨ ᠨᠣᠭᠤᠭ᠎ᠠ ᠶᠢ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠠᠢ ︽ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ︾ ︽ᠰᠤᠷᠭᠠᠭᠤᠯᠢ | ᠪᠠ ᠠᠵᠤ ᠠᠬᠤᠶᠢᠯᠠᠯ ᠢ ᠵᠣᠯᠭᠠᠭᠤᠯᠬᠤ︾ ᠬᠠᠮᠲᠤᠷᠠᠯᠴᠠᠭᠠᠨ ᠤ ᠵᠦᠪᠯᠡᠯᠴᠡᠭᠡᠷ ᠲᠣᠭᠲᠠᠵᠤ᠂ ᠪᠥᠬᠦ ᠬᠤᠲᠠ ᠶᠢᠨ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠳᠤ ᠵᠢᠮᠢᠰ ᠨᠣᠭᠤᠭ᠎ᠠ ᠶᠢᠨ ᠦᠢᠯᠡᠳᠭᠦᠨ ᠢ ᠦᠷᠭᠦᠯᠵᠢᠯᠡᠨ | ᠬᠠᠩᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠠᠵᠢᠯ ᠣᠯᠭᠤᠵᠤ ᠤᠷᠤᠯᠭ᠎ᠠ ᠪᠠᠨ ᠨᠡᠮᠡᠭᠳᠡᠭᠦᠯᠬᠦ ᠶᠢ | ᠪᠡᠶᠡᠯᠡᠭᠦᠯᠵᠦ᠂ ᠪᠥᠬᠦ ᠪᠠᠯᠭᠠᠰᠤᠨ ᠤ 6 ᠲᠦᠮᠡᠨ ᠮᠥ ᠵᠠᠳᠠᠭᠠᠶ ᠭᠠᠵᠠᠷ ᠵᠢᠮᠢᠰ ᠢᠳᠡᠰᠢᠨ ᠨᠣᠭᠤᠭ᠎ᠠ ᠳᠠᠷᠢᠵᠤ᠂ | ᠪᠡᠯᠡᠳᠬᠡᠮᠵᠢᠲᠦ ᠲᠠᠷᠢᠶᠠᠯᠠᠩ ᠢᠶᠠᠷ ᠳᠠᠮᠵᠢᠭᠤᠯᠤᠨ ᠭᠠᠵᠠᠷ ᠰᠢᠷᠣᠶ ᠠᠰᠢᠭᠯᠠᠬᠤ ᠦᠷ᠎ᠡ ᠠᠰᠢᠭ ᠢ ᠬᠠᠮᠤᠭ ᠤᠨ | ᠰᠢᠯᠢᠳᠡᠭᠵᠢᠭᠦᠯᠬᠦ᠂ ᠬᠠᠮᠲᠤ ᠶᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢ ᠬᠠᠮᠤᠭ ᠤᠨ ᠶᠡᠭᠡ ᠪᠣᠯᠭᠠᠬᠤ ᠶᠢ | ᠪᠡᠶᠡᠯᠡᠭᠦᠯᠪᠡ᠃ ᠣᠳᠣᠬᠠᠨ ᠳᠤ᠂ ᠪᠥᠬᠦ ᠪᠠᠯᠭᠠᠰᠤᠨ ᠳᠤ ᠥᠷᠭᠡᠰᠦᠲᠦ ᠬᠡᠮᠬᠡ᠂ ᠯᠠᠵᠤᠤ ᠵᠡᠷᠭᠡ ᠨᠡᠶᠢᠲᠡ ᠳᠤ | ᠬᠤᠤᠷᠳᠠᠭᠳᠠᠬᠤ ᠥᠬᠡᠶ ᠢᠳᠡᠰᠢᠨ ᠨᠣᠭᠤᠭ᠎ᠠ ᠶᠢᠨ ᠲᠥᠷᠥᠯ ᠵᠦᠶ᠋ᠯ 4 ᠲᠥᠷᠥᠯ ᠢ ᠳᠠᠩᠰᠠᠯᠠᠭᠤᠯᠵᠤ᠂ | ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ ᠲᠠᠷᠢᠶᠠᠴᠢᠨ ᠡᠷᠦᠬᠡ ᠶᠢ ᠳᠠᠶᠢᠴᠢᠯᠠᠨ | 50 ᠬᠥᠮᠦᠨ ᠲᠣᠭᠲᠠᠪᠤᠷᠢᠲᠠᠶ ᠠᠵᠢᠯ ᠬᠢᠵᠦ᠂ 3000 ᠬᠥᠮᠦᠨ ᠤᠳᠠᠭ᠎ᠠ / ᠵᠢᠯ ᠲᠦᠷ ᠴᠠᠭ ᠤᠨ ᠴᠢᠨᠠᠷᠲᠠᠶ ᠠᠵᠢᠯ | ᠬᠢᠵᠦ ᠪᠠᠶᠢᠨ᠎ᠠ᠃ | ᠳᠥᠷᠪᠡ ᠳᠤ ᠬᠥᠳᠡᠯᠮᠦᠷᠢ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠵᠠᠮ ᠢᠶᠠᠷ ᠵᠠᠮᠨᠠᠵᠤ᠂ ᠬᠥᠳᠡᠭᠡ | ᠲᠣᠰᠬᠤᠨ ᠤ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠠᠶ ᠲᠢᠶᠠᠨ ᠡᠮ ᠦᠶ᠋ᠯᠡᠳᠬᠦ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠮᠵᠢᠶ᠎ᠡ ᠶᠢᠨ ᠬᠡᠷᠡᠭᠴᠡᠭᠡ ᠪᠠᠷ ᠶᠡᠭᠡ ᠪᠠᠶᠢᠬᠤ ᠳᠠᠪᠠᠭᠤᠯᠢᠭ ᠲᠤ ᠲᠦᠰᠢᠭᠯᠡᠨ᠂ | ᠡᠯ᠎ᠡ ᠲᠣᠰᠬᠤᠨ ᠳᠤ ᠳᠠᠩᠰᠠᠯᠠᠭᠤᠯᠤᠭᠰᠠᠨ ᠬᠥᠳᠡᠯᠮᠦᠷᠢ ᠦᠢᠯᠡᠴᠢᠯᠡᠭᠡᠨ ᠤ ᠦᠢᠯᠡᠴᠢᠯᠡᠭᠡᠨ ᠤ ᠺᠣᠮᠫᠠᠨᠢ ᠨᠢ | ᠲᠣᠰᠬᠤᠨ ᠤ ᠬᠠᠮᠲᠤ ᠨᠡᠶᠢᠲᠡ ᠪᠣᠯᠤᠨ ᠠᠵᠤ ᠠᠬᠤᠶᠢᠯᠠᠯ ᠬᠠᠮᠲᠤᠷᠠᠨ ᠠᠵᠢᠯᠯᠠᠵᠤ ᠂ ᠠᠵᠢᠯᠲᠠᠨ ᠤ | ᠪᠣᠯᠪᠠᠰᠤᠷᠠᠭᠤᠯᠤᠯ ᠬᠢᠭᠡᠳ ᠬᠠᠮᠢᠶᠠᠷᠤᠯᠲᠠ ᠶᠢ ᠬᠠᠷᠢᠭᠤᠴᠠᠵᠤ᠂ ᠲᠣᠰᠬᠤᠨ ᠤ ᠬᠠᠮᠲᠤ ᠠᠴᠠ ᠬᠥᠳᠡᠯᠮᠦᠷᠢ | ᠦᠢᠯᠡᠴᠢᠯᠡᠭᠡᠨ ᠤ ᠺᠣᠮᠫᠠᠨᠢ ᠳᠤ ᠲᠦᠰᠢᠭᠯᠡᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠶᠢ ᠵᠤᠷᠢᠭᠵᠢᠭᠤᠯᠵᠤ᠂ | ᠡᠭᠦᠨ ᠤ ᠤᠯᠠᠮ ᠠᠴᠠ ᠲᠣᠰᠬᠤᠨ ᠤ ᠬᠠᠮᠲᠤ ᠨᠡᠶᠢᠲᠡ ᠪᠣᠯᠤᠨ ᠲᠠᠷᠢᠶᠠᠴᠢᠨ ᠡᠷᠦᠬᠡ ᠶᠢᠨ ᠠᠵᠤ ᠠᠬᠤᠶ ᠶᠢᠨ | ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ 2019 ᠣᠨ ᠳᠤ᠂ ᠲᠠᠶᠢᠫᠢᠩ ᠾᠧ ᠲᠤᠰᠬᠤᠨ᠂ ᠡᠤ ᠵᠢᠶᠠ ᠽᠢ | ᠲᠣᠰᠬᠤᠨ ᠤ ᠬᠠᠮᠲᠤ ᠶᠢᠨ ᠳᠠᠭᠠᠭᠤᠯᠤᠨ ᠡᠷᠭᠢᠯᠡᠭᠰᠡᠨ ᠬᠦᠳᠡᠯᠮᠦᠷᠢ ᠦᠢᠯᠡᠴᠢᠯᠡᠭᠡᠨ ᠤ ᠺᠣᠮᠫᠠᠨᠢ ᠲᠣᠰ ᠲᠣᠰ 5 | ᠲᠦᠮᠡᠨ ᠲᠥᠭᠦᠷᠢᠭ ᠤᠨ ᠣᠷᠣᠯᠭ᠎ᠠ ᠣᠯᠵᠤ᠂ ᠪᠥᠬᠦ ᠪᠠᠯᠭᠠᠰᠤᠨ ᠤ ᠲᠠᠷᠢᠶᠠᠴᠢᠨ ᠡᠷᠦᠬᠡ ᠵᠥᠪᠬᠡᠨ ᠬᠠᠶ ᠲᠢᠶᠠᠨ | ᠬᠢᠲᠠᠳ ᠮᠣᠩᠭᠤᠯ ᠡᠮ ᠤᠨ ᠰᠠᠭᠤᠷᠢᠨ ᠭᠠᠵᠠᠷ ᠲᠤ 3500 ᠬᠥᠮᠦᠨ ᠤᠳᠠᠭ᠎ᠠ ᠬᠦᠴᠦᠨ ᠤ ᠠᠵᠢᠯᠴᠢᠨ | ᠠᠵᠢᠯᠯᠠᠵᠤ᠂ 230 ᠲᠦᠮᠡᠨ ᠲᠥᠭᠦᠷᠢᠭ ᠤᠨ ᠣᠷᠣᠯᠭ᠎ᠠ ᠣᠯᠤᠭᠰᠠᠨ ᠪᠠᠶᠢᠨ᠎ᠠ᠃ 2020 ᠣᠨ ᠳᠤ᠂ ᠠᠵᠤ | ᠠᠬᠤᠶᠢᠯᠠᠯ ᠨᠠᠶᠢᠳᠠᠨ ᠬᠠᠮᠢᠶᠠᠷᠤᠭᠤᠯᠬᠤ ᠠᠷᠭ᠎ᠠ ᠮᠠᠶ᠋ᠢᠭ ᠢ ᠠᠪᠴᠤ᠂ ᠨᠢᠭᠡᠨᠲᠡ ᠵᠠᠶᠢᠯᠠᠭᠰᠠᠨ ᠡᠮ ᠤᠨ | ᠮᠠᠲ᠋ᠧᠷᠢᠶᠠᠯ ᠤᠨ ᠰᠠᠭᠤᠷᠢᠨ ᠭᠠᠵᠠᠷ ᠢ ᠣᠷᠣᠨ ᠪᠦᠰᠡ ᠬᠤᠪᠢᠶᠠᠨ ᠪᠦᠬᠦᠨ ᠢ ᠲᠣᠰ ᠭᠠᠵᠠᠷ ᠤᠨ ᠭᠠᠴᠠᠭᠠᠨ ᠤ | ᠠᠷᠠᠳ ᠲᠤ ᠨᠠᠶᠢᠳᠠᠨ ᠬᠠᠮᠢᠶᠠᠷᠤᠭᠤᠯᠵᠤ᠂ ᠵᠢᠱᠢᠯᠲᠡ ᠪᠠᠷ ᠲᠣᠰᠬᠤᠨ ᠤ ᠠᠷᠠᠳ ᠤᠨ ᠠᠵᠢᠯ ᠬᠢᠭᠰᠡᠨ ᠣᠷᠣᠯᠭ᠎ᠠ | 500 ᠲᠦᠮᠡᠨ ᠲᠥᠭᠦᠷᠢᠭ ᠲᠤ ᠬᠥᠷᠬᠦ ᠪᠣᠯᠤᠨ᠎ᠠ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ | ᠣᠷᠣᠭᠤᠯᠬᠤ ᠪᠠᠷ ᠳᠠᠮᠵᠢᠭᠤᠯᠤᠨ᠂ ᠳ᠋ᠦᠩ ᠹᠡ ᠲᠤᠰᠬᠤᠨ ᠤ ᠪᠥᠬᠦ ᠲᠣᠰᠬᠤᠨ ᠳᠤ 5000 ᠮᠥ ᠲᠠᠷᠢᠶᠠᠨ | ᠭᠠᠵᠠᠷ ᠢ ᠲᠥᠪᠯᠡᠷᠡᠭᠦᠯᠦᠨ ᠡᠷᠭᠢᠯᠲᠡ ᠳᠤ ᠣᠷᠣᠭᠤᠯᠵᠤ᠂ 137 ᠬᠦᠳᠡᠯᠮᠦᠷᠢ ᠶᠢᠨ ᠬᠦᠴᠦᠨ ᠣᠷᠳᠣᠰ ᠵᠡᠷᠭᠡ | ᠭᠠᠵᠠᠷ ᠲᠤ ᠣᠴᠢᠵᠤ ᠠᠵᠢᠯ ᠬᠢᠵᠡᠶ᠃ | |