ᠬᠤᠷᠴᠢᠨ ᠲᠣᠭᠤᠷᠢᠭ ᠵᠢᠷᠤᠮᠵᠢᠭᠰᠠᠨ ᠬᠤᠷᠰᠢᠶ᠎ᠠ ᠶᠢ ᠡᠭᠦᠳᠦᠨ ᠪᠠᠶᠢᠭᠤᠯᠬᠤ ᠲᠤᠬᠠᠶ ᠶᠢᠨ ᠲᠠᠯᠠᠪᠠᠢ ᠶᠢᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-16
ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠢᠷᠤᠮᠵᠢᠭᠰᠠᠨ ᠬᠤᠷᠰᠢᠶ᠎ᠠ ᠶᠢ ᠡᠭᠦᠳᠦᠨ ᠪᠠᠶᠢᠭᠤᠯᠬᠤ ᠲᠤᠬᠠᠶ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠪᠠᠯᠭᠠᠰᠤ ᠰᠤᠮᠤ᠂  ᠲᠠᠷᠢᠶᠠᠯᠠᠩ ᠳᠤ ᠬᠤᠯᠪᠣᠭᠳᠠᠭᠰᠠᠨ ᠵᠡᠭᠡᠯᠢ ᠭᠤᠳᠤᠮᠵᠢ ᠶᠢᠨ ᠵᠢᠷᠤᠮᠵᠢᠭᠰᠠᠨ ᠬᠤᠷᠰᠢᠶ᠎ᠠ ᠶᠢ ᠡᠭᠦᠳᠦᠨ ᠪᠠᠶᠢᠭᠤᠯᠬᠤ  ᠵᠢᠷᠤᠮᠵᠢᠭᠤᠯᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠰᠢᠶ᠎ᠠ ᠶᠢᠨ ᠵᠢᠷᠤᠮᠵᠢᠭᠰᠠᠨ ᠬᠦᠵᠢᠯᠲᠡ ᠶᠢ ᠠᠬᠢᠭᠤᠯᠬᠤ ᠰᠡᠳᠬᠢᠬᠦᠶ ᠣᠨᠣᠯᠵᠢᠬᠤᠨ ᠢ ᠥᠷᠭᠡᠳᠬᠡᠬᠦ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠬᠤᠷᠴᠢᠨ ᠲᠣᠭᠤᠷᠢᠭ ᠵᠢᠷᠤᠮᠵᠢᠭᠰᠠᠨ ᠬᠤᠷᠰᠢᠶ᠎ᠠ ᠶᠢ ᠡᠭᠦᠳᠦᠨ ᠪᠠᠶᠢᠭᠤᠯᠬᠤ ᠲᠤᠬᠠᠶ ᠶᠢᠨ ᠲᠠᠯᠠᠪᠠᠶ ᠶᠢᠨ ᠬᠤᠷᠠᠯ ᠬᠢᠪᠠ᠃  ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ  ᠹᠧᠩ  ᠰᠧᠨ ᠬᠤᠷᠠᠯ ᠳᠤ ᠣᠷᠣᠯᠴᠠᠵᠤ᠂ ᠡᠯ᠎ᠡ ᠪᠠᠯᠭᠠᠰᠤ  ᠰᠤᠮᠤ᠂ ᠲᠠᠷᠢᠶᠠᠯᠠᠩ ᠳᠤ ᠬᠤᠯᠪᠣᠭᠳᠠᠭᠰᠠᠨ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠲᠠᠷᠢᠶᠠᠯᠠᠩ ᠤᠨ ᠬᠠᠷᠢᠭᠤᠴᠠᠯᠭᠠᠲᠠᠨ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠲᠥᠯᠥᠭᠡᠯᠡᠭᠴᠢ 50 ᠭᠠᠷᠤᠶ ᠬᠥᠮᠦᠨ ᠣᠷᠣᠯᠴᠠᠵᠠᠶ᠃    ᠬᠤᠷᠠᠯ ᠳᠤ ᠣᠷᠣᠯᠴᠠᠭᠰᠠᠳ ᠤᠷᠢᠳ ᠬᠤᠵᠢᠳ  ᠹᠧᠩ ᠲᠢᠶᠠᠨ ᠪᠠᠯᠭᠠᠰᠤᠨ ᠤ ᠴᠦᠨ ᠷᠦᠢ ᠳᠠᠷᠢᠵᠤ ᠲᠡᠵᠢᠭᠡᠬᠦ ᠬᠤᠷᠰᠢᠶ᠎ᠠ᠂ ᠹᠧᠩ ᠱᠦᠨ ᠲᠠᠷᠢᠶᠠᠯᠠᠩ ᠤᠨ ᠮᠠᠰᠢᠨ ᠳᠠᠷᠢᠬᠤ ᠬᠤᠷᠰᠢᠶ᠎ᠠ᠂ ᠮᠤᠷᠤᠶᠢᠨ ᠰᠦᠮ᠎ᠡ ᠰᠤᠮᠤ ᠶᠢᠨ ᠪᠦᠦ ᠹᠧᠩ ᠲᠠᠷᠢᠶᠠᠯᠠᠩ ᠤᠨ ᠮᠠᠰᠢᠨ ᠳᠠᠷᠢᠬᠤ ᠲᠤᠰᠬᠠᠶ ᠬᠤᠷᠰᠢᠶ᠎ᠠ᠂ ᠴᠢᠶᠠᠩ ᠰᠢᠩ ᠲᠠᠷᠢᠶᠠᠯᠠᠩ ᠤᠨ ᠮᠠᠰᠢᠨ ᠳᠠᠷᠢᠬᠤ ᠲᠤᠰᠬᠠᠶ ᠬᠤᠷᠰᠢᠶ᠎ᠠ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠪᠠ᠃ ᠲᠣᠭᠤᠷᠢᠨ ᠦᠵᠡᠬᠦ ᠪᠦᠯᠬᠦᠮ ᠭᠡᠷ᠎ᠡ᠂ ᠳᠠᠩᠰᠠ᠂ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠲᠣᠰᠬᠤᠨ ᠤ ᠠᠷᠠᠳ  ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠣᠯᠠᠨ ᠲᠠᠯ᠎ᠠ ᠶᠢᠨ ᠨᠡᠶᠢᠲᠡᠯᠢᠭ ᠲᠤᠷᠰᠢᠯᠭ᠎ᠠ ᠶᠢ ᠨᠠᠷᠢᠨ ᠬᠢᠨᠠᠮᠠᠭᠠᠶ ᠰᠤᠷᠤᠯᠴᠠᠪᠠ᠃    ᠲᠠᠷᠠᠭᠠᠴᠢ ᠶᠢᠨ ᠠᠵᠢᠯ ᠤᠨ ᠬᠤᠷᠠᠯ ᠳᠤᠮᠳᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠠᠨ ᠤ ᠲᠤᠭᠤᠷᠢᠭ ᠤᠨ ᠵᠢᠷᠤᠮᠵᠢᠭᠰᠠᠨ ᠬᠤᠷᠰᠢᠶ᠎ᠠ ᠶᠢᠨ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰᠬᠠᠶ ᠬᠤᠷᠰᠢᠶ᠎ᠠ ᠶᠢᠨ ᠮᠠᠨ ᠤ ᠲᠤᠭᠤᠷᠢᠭ ᠤᠨ ︽ᠵᠠᠰᠠᠭ ᠤᠨ ᠣᠷᠳᠣᠨ ᠤ ᠢᠲᠡᠭᠡᠮᠵᠢ ᠶᠢᠨ ᠪᠠᠳᠤᠯᠠᠭᠠᠳᠤ ᠬᠠᠩᠭᠠᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢᠶᠠᠷ ᠬᠥᠲᠥᠯᠦᠨ ᠳᠠᠭᠠᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢᠶᠠᠷ ᠵᠢᠱᠢᠶ᠎ᠡ ᠦᠵᠡᠭᠦᠯᠬᠦ᠂ ᠨᠠᠮ ᠤᠨ ᠡᠭᠦᠷ ᠵᠣᠬᠢᠶᠠᠨ ᠪᠠᠶᠢᠭᠤᠯᠤᠨ ᠳᠠᠶᠢᠴᠢᠯᠠᠬᠤ᠂ ᠬᠤᠷᠰᠢᠶ᠎ᠠ ᠶᠢᠨ ᠲᠠᠷᠢᠮᠠᠯ ᠤᠨ ᠬᠠᠮᠢᠶᠠᠷᠤᠯᠲᠠ︾ ᠶᠢᠨ ᠠᠵᠤ  ᠦᠢᠯᠡᠰ ᠤᠨ ᠠᠭᠤᠰᠤᠯᠴᠠᠯ ᠤᠨ ᠰᠢᠨ᠎ᠡ ᠵᠠᠭᠪᠤᠷ ᠢ ᠡᠭᠦᠳᠦᠨ ᠪᠠᠶᠢᠭᠤᠯᠬᠤ ᠳᠤᠮᠳᠠᠬᠢ ᠵᠠᠩᠭᠢᠯᠠᠭ᠎ᠠ ᠶᠢᠨ  ᠦᠢᠯᠡᠳᠦᠯ  ᠢ ᠭᠦᠨᠵᠡᠭᠡᠢ ᠲᠠᠨᠢᠬᠤ ᠬᠡᠷᠡᠭᠲᠡᠶ᠃ ᠲᠤᠰᠬᠠᠶ ᠠᠵᠢᠯ ᠤᠨ ᠬᠤᠷᠰᠢᠶ᠎ᠠ ᠶᠢᠨ ᠬᠥᠭᠵᠢᠯᠲᠡ ᠶᠢᠨ ᠳᠤᠮᠳᠠᠬᠢ ︽ᠭᠠᠵᠠᠷ ᠰᠢᠷᠣᠶ ᠶᠢ ᠲᠥᠪᠯᠡᠷᠡᠭᠦᠯᠦᠨ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ᠂ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠬᠠᠷᠢᠭᠤᠴᠠᠯᠭ᠎ᠠ ᠲᠣᠳᠣᠷᠬᠠᠶ᠂ ᠵᠢᠷᠤᠮᠵᠢᠭᠤᠯᠤᠨ ᠬᠠᠮᠢᠶᠠᠷᠬᠤ︾ ᠵᠠᠩᠭᠢᠯᠠᠭ᠎ᠠ ᠶᠢᠨ ᠱᠠᠭᠠᠷᠳᠠᠯᠭ᠎ᠠ ᠶᠢ ᠭᠦᠢᠴᠡᠳ ᠡᠵᠡᠮᠰᠢᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠠᠵᠢᠯ ᠲᠥᠷᠥᠯ ᠤᠨ  ᠲᠤᠬᠠᠶᠢᠯᠠᠭᠰᠠᠨ ᠠᠵᠢᠯ ᠤᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠮᠠᠨ ᠤ  ᠲᠤᠭᠤᠷᠢᠭ ᠤᠨ ᠵᠢᠷᠤᠮᠵᠢᠭᠰᠠᠨ ᠬᠤᠷᠰᠢᠶ᠎ᠠ ᠶᠢᠨ ᠬᠥᠭᠵᠢᠯᠲᠡ ᠶᠢ ᠠᠬᠢᠭᠤᠯᠤᠨ᠂ ᠮᠠᠨ ᠤ ᠲᠤᠭᠤᠷᠢᠭ ᠤᠨ ᠲᠠᠷᠢᠶᠠᠯᠠᠩ ᠤᠨ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠡᠷᠡᠲᠦ ᠲᠥᠷᠥᠯ ᠲᠡᠮᠳᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号