4 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠢᠦᠶ ᠾᠦᠢ ᠲᠤᠤ ᠮᠧᠶ ᠬᠤᠸᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠠᠵᠢᠯ ᠤᠨ ᠲᠤᠬᠠᠶ ᠶᠠᠷᠢᠯᠴᠠᠪᠠ᠃ | ᠲᠣᠭᠤᠷᠢᠭ ᠤᠨ ᠤᠳᠤᠷᠢᠳᠤᠯᠭ᠎ᠠ ᠳ᠋ᠦ᠋ ᡁᠢ ᠵᠢᠶᠦ᠋ᠨ᠂ ᠸᠠᠩ ᠹᠧᠩ ᠰᠧᠨ ᠣᠷᠣᠯᠴᠠᠪᠠ᠃ ᠣᠷᠣᠨ ᠤ ᠠᠵᠤ | ᠦᠶ᠋ᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ ᠣᠷᠣᠯᠴᠠᠪᠠ᠃ | ᠬᠤᠷᠠᠯ ᠳᠡᠭᠡᠷ᠎ᠡ᠂ ᠢᠦᠶ ᠾᠦᠢ ᠲᠤᠤ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ | ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ | ᠢᠦᠶ ᠾᠦᠢ ᠲᠤᠤ ᠵᠢᠭᠠᠵᠤ ᠭᠠᠷᠭᠠᠭᠰᠠᠨ ᠨᠢ᠂ ᠮᠧᠶ ᠬᠤᠸᠠ ᠠᠮᠢᠳᠤ ᠪᠣᠳᠠᠰ ᠤᠨ ᠪᠦᠯᠦᠭᠯᠡᠯ ᠡᠷᠦᠬᠡ ᠠᠮᠠ | ᠣᠷᠣᠭᠰᠠᠨ ᠠᠴᠠ ᠨᠠᠰᠢ᠂ ᠬᠤᠷᠴᠢᠨ ᠲᠣᠭᠤᠷᠢᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠬᠦ᠂ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠵᠡᠷᠭᠡ ᠲᠠᠯ᠎ᠠ ᠪᠠᠷ ᠴᠢᠬᠤᠯᠠ ᠲᠣᠪᠤᠶᠢᠮ᠎ᠠ ᠬᠤᠪᠢ ᠨᠡᠮᠡᠷᠢ ᠦᠵᠡᠭᠦᠯᠪᠡ | ᠃ ᠬᠤᠶᠢᠰᠢᠳᠠ ᠶᠢᠨ ᠬᠥᠭᠵᠢᠯᠲᠡ ᠶᠢᠨ ᠳᠤᠮᠳᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ | ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢ | ᠴᠢᠩᠭᠠᠷᠠᠭᠤᠯᠵᠤ᠂ ᠣᠷᠴᠢᠯ ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ | ᠲᠠᠰᠤᠷᠠᠯᠲᠠ ᠦᠭᠡᠢ ᠤᠷᠲᠤᠳᠬᠠᠵᠤ᠂ ᠠᠵᠤ ᠦᠢᠯᠡᠰ ᠤᠨ ᠳᠡᠭᠡᠳᠦ ᠨᠠᠷᠢᠯᠢᠭ ᠣᠷᠦ᠋ᠢᠯᠠᠭᠰᠠᠨ ᠴᠢᠭᠯᠡᠯ ᠲᠡᠶᠢᠰᠢ | ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ | ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠬᠠᠯᠠᠮᠵᠢᠯᠠᠨ ᠳᠠᠮᠵᠢᠵᠤ᠂ ᠠᠵᠤ ᠠᠬᠤᠶᠢᠯᠠᠯ ᠢ | ᠬᠠᠪᠰᠤᠷᠤᠨ ᠬᠦᠴᠢᠷ ᠵᠣᠪᠠᠯᠠᠩ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ | ᠢᠦᠶ ᠾᠦᠢ ᠲᠤᠤ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠲᠤᠭᠤᠷᠢᠭ ᠶᠠᠭ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ | ᠵᠠᠩᠭᠢᠯᠠᠭ᠎ᠠ ᠶᠢᠨ ᠴᠠᠭ ᠣᠶᠢᠶ᠎ᠠ ᠳᠤ ᠣᠷᠣᠰᠢᠵᠤ ᠪᠠᠶᠢᠨ᠎ᠠ᠂ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠢᠲᠡᠭᠡᠯ ᠵᠣᠷᠢᠭ ᠢᠶᠠᠨ ᠪᠠᠲᠤᠳᠬᠠᠵᠤ᠂ | ᠯᠠᠪᠳᠠᠭᠤᠨ ᠪᠠᠲᠤᠲᠠᠶ ᠪᠠᠷ ᠤᠷᠤᠭᠰᠢᠯᠠᠵᠤ᠂ ᠦᠳᠲᠡᠷ ᠲᠦᠷᠭᠡᠨ ᠬᠥᠳᠡᠯᠦᠯᠴᠡᠨ᠂ ᠠᠶᠤᠯ ᠲᠦᠭᠰᠢᠭᠦᠷᠢ ᠶᠢ ᠲᠣᠬᠢᠶᠠᠯ | ᠪᠣᠯᠭᠠᠨ ᠬᠤᠪᠢᠷᠠᠭᠤᠯᠵᠤ᠂ ᠴᠠᠭ ᠤᠨ ᠬᠦᠴᠢᠷ ᠢ ᠬᠠᠮᠲᠤᠪᠠᠷ ᠲᠤᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ᠂ | ᠦᠢᠯᠡᠳᠪᠦᠷᠢᠯᠡᠯ ᠡᠵᠡᠩᠨᠡᠯᠲᠡ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠶ᠃ | |