ᠬᠤᠷᠴᠢᠨ ᠲᠣᠭᠤᠷᠢᠭ᠄ ᠣᠶ ᠰᠢᠭᠤᠶ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ ᠭᠤᠤᠯᠳᠠᠯᠭ᠎ᠠ ᠲᠠᠢ ᠲᠥᠷᠥᠯ ᠵᠦᠢᠯ ᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ  ᠠᠬᠢᠭᠤᠯᠵᠤ ᠪᠤᠢ
ᠨᠡᠶᠢᠲᠡᠯᠡᠭᠰᠡᠨ ᠴᠠᠭ᠄
2020-04-16
 ᠨᠢᠭᠡ ᠳᠤ᠂ ᠬᠠᠢ ᠲᠢᠶᠠᠨ ᠡᠮ ᠤᠨ ᠦᠢᠯᠡᠰ ᠤᠨ ᠴᠢᠩ ᠾᠧ ᠪᠠᠯᠭᠠᠰᠤᠨ ᠳᠤ ᠲᠦᠰᠢᠭᠯᠡᠨ 5 ᠲᠦᠮᠡᠨ ᠮᠦ ᠴᠢᠴᠠᠷᠭᠠᠨ᠎ᠠ ᠡᠪᠡᠰᠦᠨ ᠡᠮ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠣᠲᠣ ᠨᠢᠭᠡᠨᠲᠡ 2.76 ᠲᠦᠮᠡᠨ ᠮᠥ ᠭᠠᠵᠠᠷ ᠰᠢᠷᠣᠶ ᠶᠢᠨ ᠡᠷᠭᠢᠯᠲᠡ ᠶᠢ ᠪᠡᠶᠡᠯᠡᠭᠦᠯᠵᠦ᠂ 2019 ᠣᠨ ᠳᠤ ᠨᠢᠭᠡᠨᠲᠡ 0.8 ᠲᠦᠮᠡᠨ ᠮᠥ  ᠴᠢᠴᠠᠷᠭᠠᠨ᠎ᠠ ᠳᠠᠷᠢᠭᠰᠠᠨ ᠲᠠᠯᠠᠪᠠᠶ ᠶᠢ ᠪᠡᠶᠡᠯᠡᠭᠦᠯᠪᠡ᠃ 2020 ᠣᠨ ᠳᠤ᠂ ᠴᠢᠴᠠᠷᠭᠠᠨ᠎ᠠ ᠳᠠᠷᠢᠬᠤ ᠲᠠᠯᠠᠪᠠᠶ ᠶᠢ 1.2 ᠲᠦᠮᠡᠨ ᠮᠥ ᠪᠡᠶᠡᠯᠡᠭᠦᠯᠬᠦ ᠪᠠᠷ ᠲᠥᠯᠥᠪᠯᠡᠵᠦ᠂ ᠬᠠᠮᠲᠤ ᠳᠤᠨᠢ ᠴᠢᠩ ᠾᠧ ᠪᠠᠯᠭᠠᠰᠤᠨ ᠳᠤ ᠬᠢᠲᠠᠳ ᠡᠪᠡᠰᠦᠨ ᠡᠮ ᠴᠢᠨᠠᠬᠤ ᠡᠮ ᠪᠣᠯᠪᠠᠰᠤᠷᠠᠭᠤᠯᠬᠤ ᠲᠥᠷᠥᠯ ᠵᠦᠢᠯ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠣᠳᠣᠬᠠᠨ ᠳᠤ 1920 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠨᠢᠭᠡᠨᠲᠡ 120 ᠮᠥ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠵᠦ᠂ 2020 ᠣᠨ ᠤ ᠬᠠᠪᠤᠷ ᠡᠬᠢᠯᠡᠨ ᠪᠥᠲᠥᠭᠡᠨ ᠪᠠᠶᠢᠭᠤᠯᠵᠤ ᠂ 2020 ᠣᠨ ᠤ ᠵᠢᠯ ᠤᠨ ᠡᠴᠦᠰ ᠲᠤ ᠳᠠᠭᠤᠰᠬᠠᠬᠤ ᠪᠠᠷ ᠲᠥᠯᠥᠪᠯᠡᠵᠦ᠂ 2021 ᠣᠨ ᠳᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠭᠠᠷᠭᠠᠨ᠎ᠠ︔ ᠬᠤᠶᠠᠷ ᠲᠤ᠂ ᠲᠦᠩ ᠺᠧ ᠠᠵᠤ ᠦᠢᠯᠡᠰ ᠲᠤ ᠲᠦᠰᠢᠭᠯᠡᠨ᠂ ᠣᠷᠪᠣᠭ ᠪᠠᠯᠭᠠᠰᠤᠨ ᠳᠤ 0.4 ᠲᠦᠮᠡᠨ ᠮᠥ  ᠬᠡᠭᠡᠷ᠎ᠡ ᠶᠢᠨ ᠲᠠᠤᠯᠠᠢ ᠶᠢᠨ ᠪᠦᠭᠡᠷ᠎ᠡ ᠵᠢᠮᠢᠰ ᠤᠨ ᠰᠠᠭᠤᠷᠢᠨ ᠭᠠᠵᠠᠷ ᠪᠠᠶᠢᠭᠤᠯᠵᠤ᠂ ᠳᠠᠯᠠᠩ ᠪᠠᠯᠭᠠᠰᠤᠨ ᠳᠤ 0.42 ᠲᠦᠮᠡᠨ ᠮᠥ ᠬᠡᠭᠡᠷ᠎ᠡ ᠶᠢᠨ ᠲᠠᠤᠯᠠᠢ ᠶᠢᠨ ᠪᠦᠭᠡᠷ᠎ᠡ  ᠵᠢᠮᠢᠰ ᠪᠠ ᠰᠢᠳ  ᠢ ᠬᠤᠯᠢᠯᠳᠠᠭᠤᠯᠤᠨ ᠲᠠᠷᠢᠵᠤ ᠠᠮᠢ ᠠᠬᠤᠶ ᠶᠢᠨ ᠣᠶ ᠶᠢᠨ ᠲᠥᠷᠥᠯ ᠵᠦᠢᠯ ᠤᠨ ᠲᠣᠭᠤᠷᠢᠭ ᠢ ᠪᠥᠲᠥᠭᠡᠨ ᠪᠠᠶᠢᠭᠤᠯᠵᠤ ᠂  ᠤᠳᠤᠬᠠᠨ ᠳᠤ ᠭᠠᠵᠠᠷ ᠰᠢᠷᠣᠶ ᠶᠢᠨ ᠡᠷᠭᠢᠯᠲᠡ ᠶᠢ ᠨᠢᠭᠡᠨᠲᠡ ᠪᠦᠬᠦᠨ ᠢ ᠪᠡᠶᠡᠯᠡᠭᠦᠯᠪᠡ᠃ ᠡᠭᠦᠨ ᠤ ᠬᠠᠮᠲᠤ᠂ ᠣᠲᠣ ᠶᠢᠨ ᠪᠠᠶᠢᠭ᠎ᠠ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠᠯᠠ  ᠮᠦᠩᠬᠦ 240 ᠲᠦᠮᠡᠨ ᠲᠥᠭᠦᠷᠢᠭ ᠪᠠ  ᠴᠢᠴᠠᠷᠭᠠᠨ᠎ᠠ ᠵᠢᠮᠢᠰ ᠤᠨ ᠲᠦᠷᠦᠯ ᠵᠦᠢᠯ ᠤᠨ ᠪᠠᠯᠠ ᠮᠥᠩᠭᠦ ᠶᠢ 280 ᠲᠦᠮᠡ ᠶᠢ ᠲᠣᠰ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ ᠭᠤᠷᠪᠠ ᠳᠤ᠂ ᠳ᠋ᠠᠯᠠᠩ  ᠪᠠᠯᠭᠠᠰᠤᠨ ᠤ  ᠤᠰᠤᠳᠤ ᠲᠣᠰᠬᠤᠨ ᠳᠤ 300 ᠮᠦ ᠲᠣᠮᠣ ᠫᠧᠩ ᠤᠨ ᠦᠵᠦᠮ ᠪᠠᠶᠢᠭᠤᠯᠵᠤ᠂ 2  ᠬᠤᠭᠤᠴᠠᠭ᠎ᠠ ᠬᠤᠪᠢᠶᠠᠨ ᠪᠠᠶᠢᠭᠤᠯᠵᠤ᠂ ᠡᠨᠡ ᠵᠢᠯ 130 ᠮᠦ ᠪᠠᠶᠢᠭᠤᠯᠵᠤ᠂ 100 ᠲᠣᠮᠣ ᠫᠧᠩ ᠢ ᠪᠠᠶᠢᠭᠤᠯᠤᠨ᠎ᠠ᠃ ᠳᠥᠷᠪᠡ ᠳᠤ᠂ ᠪᠦᠬᠦ  ᠲᠤᠭᠤᠷᠢᠭ ᠤᠨ ᠡᠯ᠎ᠡ ᠪᠠᠯᠭᠠᠰᠤᠨ ᠤ ᠰᠤᠮᠤ ᠲᠠᠯᠠᠪᠠᠢ ᠳᠤ ᠪᠣᠭᠤᠮᠲᠠ ᠶᠢᠨ ᠭᠠᠳᠠᠨᠠᠬᠢ ᠤᠯᠠᠭᠠᠨ ᠢᠶᠠᠷ ᠭᠤᠣᠯ ᠪᠣᠯᠭᠠᠭᠰᠠᠨ 100 ᠮᠦ ᠠᠴᠠ ᠳᠡᠭᠡᠭᠰᠢᠬᠢ ᠲᠡᠭᠦᠬᠦ ᠬᠦᠷᠢᠶᠡᠯᠡᠩ ᠢ 15 ᠪᠠᠶᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号