ᠲᠦᠩᠯᠢᠶᠣᠤ ᠬᠤᠲᠠ ᠶᠢᠨ ᠴᠠᠩ ᠰᠢᠩ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠶᠢᠨ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠲᠣᠨᠣᠭᠯᠠᠬᠤ ᠠᠵᠢᠯ ᠤᠷᠤᠭᠰᠢᠲᠠᠶ ᠳᠠᠭᠤᠰᠪᠠ
ᠨᠡᠶᠢᠲᠡᠯᠡᠭᠰᠡᠨ ᠴᠠᠭ᠄
2020-04-17
  4 ᠰᠠᠷ᠎ᠠ ᠶᠢᠨ 14 ᠤ ᠡᠳᠦᠷ᠂ ᠲᠦᠩᠯᠢᠶᠣᠤ ᠶᠢᠨ ᠴᠠᠩ ᠰᠢᠩ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠶᠢᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠢᠯᠡᠷᠡᠵᠦ᠂ ᠲᠤᠬᠠᠢ ᠶᠢᠨ  ᠲᠠᠯᠠᠪᠠᠢ ᠶᠢᠨ ᠡᠯ᠎ᠡ ᠲᠦᠷᠦᠯ ᠤᠨ ᠬᠦᠨᠳᠦ ᠬᠡᠯᠪᠡᠷᠢ ᠶᠢᠨ ᠮᠧᠬᠠᠨᠢᠭ ᠨᠢᠵᠢᠭᠢᠨᠡᠵᠦ᠂ ᠠᠵᠢᠯᠴᠢᠳ ᠡᠮᠬᠢ ᠵᠢᠷᠤᠮ ᠲᠠᠢ ᠠᠵᠢᠯᠯᠠᠵᠤ᠂ ᠡᠭᠦᠯᠡᠨ ᠳᠤ  ᠰᠢᠷᠭᠤᠭᠰᠠᠨ ᠰᠠᠯᠬᠢᠨ ᠬᠦᠴᠦᠨ ᠤ ᠴᠠᠬᠢᠯᠭᠠᠨ ᠮᠠᠰᠢᠨ ᠡᠭᠦᠯᠡ ᠮᠠᠨᠠᠨ ᠳᠤ ᠪᠦᠷᠦᠭ ᠪᠠᠷᠤᠭ ᠬᠠᠷᠠᠭᠳᠠᠳᠠᠭ᠃ ᠰᠠᠯᠬᠢᠨ ᠴᠠᠬᠢᠯᠭᠠᠨ ᠤ ᠲᠠᠯᠠᠪᠤᠷ ᠨᠢ ᠬᠤᠷᠴᠢᠨ ᠲᠣᠭᠤᠷᠢᠭ ᠤᠨ ᠮᠤᠷᠤᠶᠢᠨ ᠰᠦᠮ᠎ᠡ ᠰᠤᠮᠤᠨ ᠳᠤ ᠪᠠᠶᠢᠷᠢᠯᠠᠵᠤ᠂ ᠲᠠᠯᠠᠪᠠᠢ ᠶᠢᠨ ᠭᠠᠵᠠᠷ ᠤᠨ ᠪᠠᠶᠢᠴᠠ ᠨᠢ ᠥᠷᠭᠡᠨ ᠠᠭᠤᠳᠠᠮ᠂  ᠶᠡᠬᠡᠩᠬᠢ ᠬᠡᠰᠡᠭ ᠨᠢ ᠨᠡᠯᠢᠶᠡᠳ ᠲᠡᠭᠰᠢᠬᠡᠨ ᠪᠠᠶᠢᠵᠤ᠂ ᠬᠡᠰᠡᠭ ᠭᠠᠵᠠᠷ ᠤᠨ ᠳᠡᠭᠡᠨᠴᠡᠯ ᠨᠢ ᠨᠡᠯᠢᠶᠡᠳ ᠶᠡᠭᠡ ᠪᠠᠶᠢᠳᠠᠭ᠃ 2018 ᠣᠨ ᠤ 10 ᠰᠠᠷ᠎ᠠ ᠳᠤ ᠠᠵᠢᠯ ᠡᠬᠢᠯᠡᠭᠰᠡᠨ ᠠᠴᠠ ᠨᠠᠭᠠᠰᠢ᠂ ᠴᠠᠩ ᠰᠢᠩ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠪᠠᠷᠢᠯᠭ᠎ᠠ ᠶᠢᠨ ᠠᠵᠢᠯᠲᠠᠨ᠂ ᠡᠯ᠎ᠡ ᠱᠠᠲᠤᠨ ᠤ  ᠬᠠᠮᠢᠶᠠᠷᠤᠯᠲᠠ ᠶᠢᠨ ᠠᠵᠢᠯᠲᠠᠳ ᠲᠠᠢ ᠢᠳᠡᠪᠬᠢᠲᠡᠶ ᠵᠣᠬᠢᠴᠠᠭᠤᠯᠤᠨ ᠨᠡᠪᠲᠡᠷᠡᠯᠴᠡᠵᠦ᠂ ᠨᠠᠷᠢᠨ ᠨᠢᠮᠪᠠᠶ ᠪᠠᠶᠢᠷᠢᠯᠠᠭᠤᠯᠤᠨ᠂  ᠨᠠᠷᠢᠨ ᠨᠢᠮᠪᠠᠶ ᠤᠬᠠᠭᠠᠯᠠᠨ ᠰᠡᠳᠦᠵᠦ᠂ ᠰᠢᠨᠵᠢᠯᠡᠬᠦ ᠤᠬᠠᠭᠠᠨᠴᠢ ᠪᠠᠷ ᠠᠵᠢᠯᠲᠠᠨ᠂ ᠡᠳ᠋ ᠪᠣᠳᠠᠰ ᠵᠢᠴᠢ ᠪᠠᠷᠢᠯᠭ᠎ᠠ ᠪᠠᠷᠢᠬᠤ ᠬᠦᠴᠦᠨ ᠢ ᠳᠣᠭᠢᠷᠠᠭᠤᠯᠵᠤ᠂ ᠪᠠᠷᠢᠯᠭ᠎ᠠ ᠪᠠᠷᠢᠬᠤ ᠲᠥᠰᠦᠯ ᠢ ᠰᠢᠯᠢᠳᠡᠭᠵᠢᠭᠦᠯᠦᠨ᠂  ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠪᠠᠷᠢᠯᠭ᠎ᠠ ᠶᠢᠨ ᠬᠡᠪ ᠤᠨ ᠶᠣᠰᠣᠭᠠᠷ ᠪᠠᠷᠢᠯᠭ᠎ᠠ ᠪᠠᠷᠢᠬᠤ ᠶᠢ ᠪᠠᠳᠤᠯᠠᠵᠤ᠂ ᠳᠡᠭᠦᠵᠢᠯᠡᠨ ᠤᠭᠰᠠᠷᠠᠭᠤᠯᠬᠤ ᠠᠵᠢᠯ ᠤᠨ ᠤᠷᠤᠭᠰᠢᠲᠠᠶ ᠳᠠᠭᠤᠰᠬᠤ ᠶᠢ ᠪᠠᠲᠤᠯᠠᠪᠠ᠃ 2019 ᠣᠨ ᠤ 1 ᠰᠠᠷ᠎ᠠ ᠶᠢᠨ 31 ᠤ ᠡᠳᠦᠷ ᠠᠴᠠ 22 ᠪᠣᠯᠲᠠᠯ᠎ᠠ ᠲᠠᠶᠢᠹᠤᠩ ᠰᠠᠯᠬᠢᠨ ᠤ ᠴᠠᠬᠢᠯᠭᠠᠨ ᠮᠠᠰᠢᠨ ᠨᠢᠭᠡᠨᠲᠡ ᠪᠦᠬᠦᠨ ᠢ ᠳᠡᠭᠦᠵᠢᠯᠡᠨ ᠤᠭᠰᠠᠷᠠᠵᠤ ᠳᠠᠭᠤᠰᠴᠠᠶ᠃ ᠨᠢᠳᠤᠨᠤᠨ ᠲᠣᠤᠷ ᠨᠡᠶᠢᠯᠡᠭᠦᠯᠦᠨ ᠴᠠᠬᠢᠯᠭᠠᠨ ᠭᠠᠷᠭᠠᠭᠰᠠᠨ ᠨᠢ 12 ᠰᠠᠭᠤᠷᠢ᠂ ᠵᠢᠯ ᠤᠨ ᠳᠠᠷᠠᠭ᠎ᠠ 4 ᠰᠠᠭᠤᠷᠢ᠂  ᠨᠡᠶᠢᠲᠡ 16 ᠰᠠᠭᠤᠷᠢ ᠲᠣᠤᠷ ᠨᠡᠶᠢᠯᠡᠭᠦᠯᠦᠨ ᠴᠠᠬᠢᠯᠭᠠᠨ ᠭᠠᠷᠭᠠᠭᠰᠠᠨ ᠪᠠᠶᠢᠨ᠎ᠠ᠃ ᠲᠣᠰ ᠰᠠᠯᠬᠢᠨ ᠬᠦᠴᠦᠨ ᠤ ᠴᠠᠬᠢᠯᠭᠠᠨ ᠤ ᠲᠠᠯᠠᠪᠤᠷ ᠨᠢ ᠶᠤᠸᠠᠨ ᠵᠢᠩ ᠡᠨᠧᠷᠭᠢ ᠶᠢᠨ ᠰᠠᠯᠬᠢᠨ ᠮᠠᠰᠢᠨ ᠢ ᠬᠡᠷᠡᠭᠯᠡᠵᠦ᠂ ᠲᠣᠰ ᠲᠥᠷᠥᠯ ᠵᠦᠢᠯ ᠪᠣᠯ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠰᠢᠨ᠎ᠡ  ᠮᠠᠰᠢᠨ ᠤ ᠬᠡᠯᠪᠡᠷᠢ ᠶᠢ ᠪᠠᠳᠤᠯᠠᠬᠤ᠂ ᠰᠢᠨ᠎ᠡ ᠤᠭᠰᠠᠷᠠᠭ᠎ᠠ ᠲᠣᠨᠤᠭ᠂ ᠰᠢᠨ᠎ᠡ ᠮᠡᠷᠭᠡᠵᠢᠯ ᠢ ᠰᠢᠯᠭᠠᠨ ᠭᠡᠷᠡᠴᠢᠯᠡᠬᠦ ᠶᠢᠨ ᠲᠥᠯᠥᠭᠡ  ᠠᠬᠢᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯᠤᠨ᠎ᠠ᠃  ᠮᠤᠷᠤᠶᠢᠨ ᠰᠦᠮ᠎ᠡ ᠰᠤᠮᠤ ᠶᠢᠨ ᠰᠠᠯᠬᠢᠨ ᠤ ᠲᠠᠯᠠᠪᠠᠢ ᠶᠢᠨ ᠰᠠᠯᠬᠢᠨ ᠤ ᠪᠠᠶᠢᠳᠠᠯ᠂ ᠭᠠᠵᠠᠷ ᠵᠦᠢ ᠶᠢᠨ ᠨᠥᠬᠦᠴᠡᠯ ᠢ ᠦᠨᠳᠦᠰᠦᠯᠡᠨ᠂ ᠡᠯᠪᠡᠭ ᠪᠠᠶᠠᠯᠢᠭ ᠰᠠᠯᠬᠢᠨ ᠤ ᠡᠨᠧᠷᠭᠢ ᠶᠢᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠵᠤ᠂  ᠨᠡᠯᠢᠶᠡᠳ ᠥᠨᠳᠥᠷ ᠨᠡᠭᠡᠭᠡᠨ ᠠᠰᠢᠭᠯᠠᠬᠤ ᠦᠨ᠎ᠡ ᠴᠠᠨ᠎ᠠ ᠲᠠᠢ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 22 ᠲᠠᠶᠢᠹᠧᠩ ᠰᠠᠯᠬᠢᠨ ᠤ ᠴᠠᠬᠢᠯᠭᠠᠨ ᠮᠠᠰᠢᠨ ᠵᠢᠯ ᠪᠦᠷᠢ 1.42 ᠳ᠋ᠦᠩᠰᠢᠭᠤᠷ ᠺᠢᠯᠣᠸᠠᠲ ︵ᠴᠠᠭ ᠲᠤ︶ ᠴᠠᠬᠢᠯᠭᠠᠨ ᠭᠠᠷᠭᠠᠬᠤ ᠬᠡᠮᠵᠢᠶ ᠎ᠡ ᠶᠢ ᠪᠡᠶᠡᠯᠡᠭᠦᠯᠦᠨ᠎ᠡ  ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号