4 ᠰᠠᠷ᠎ᠠ ᠶᠢᠨ 14 ᠤ ᠡᠳᠦᠷ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 | ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠢ ᠾᠦᠢ ᠲᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠶᠠᠩ ᠢᠦᠢ ᠴᠢ᠂ ᠸᠠᠩ ᠹᠧᠩ ᠰᠧᠨ᠂ ᠫᠠᠨ ᠵᠢᠶᠦ᠋ᠨ᠂ ᠯᠢᠦ | ᠰᠢᠶᠤᠤ ᠬᠤᠢ ᠨᠠᠷ ᠤᠷᠤᠯᠴᠠᠪᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ | ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠤᠷᠤᠯᠴᠠᠪᠠ᠃ | ᠬᠤᠷᠠᠯ ᠠᠴᠠ ︽2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︽ᠬᠤᠷᠴᠢᠨ | ᠲᠣᠭᠤᠷᠢᠭ ᠤᠨ ᠬᠡᠷᠡᠭᠯᠡᠭᠡᠨ ᠳᠤ ᠰᠡᠳᠡᠯᠲᠡ ᠥᠭᠬᠦ ᠲᠥᠯᠥᠪᠯᠡᠭᠡ ᠶᠢᠨ ᠲᠥᠰᠦᠯ︾᠂ ᠭᠠᠷ ᠳᠠᠮᠵᠢᠭᠰᠠᠨ ᠮᠠᠰᠢᠨ | ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠬᠤ ᠲᠤᠬᠠᠶ ᠬᠤᠯᠪᠣᠭᠳᠠᠯ ᠪᠥᠬᠦᠶ 14 ᠵᠦᠢᠯ ᠤᠨ | ᠵᠥᠪᠯᠡᠬᠦ ᠰᠡᠳᠦᠪ ᠢ ᠰᠣᠨᠣᠰᠤᠨ ᠬᠢᠨᠠᠨ ᠶᠠᠷᠢᠯᠴᠠᠪᠠ᠃ | ᠢᠦᠶ ᠾᠦ᠋ᠢ ᠲᠤᠤ ︽2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠬᠢᠨᠠᠨ | ᠶᠠᠷᠢᠯᠴᠠᠬᠤ ᠳᠠᠭᠠᠨ ᠪᠤᠲᠠᠲᠠᠢ ᠵᠠᠰᠠᠪᠤᠷᠢ ᠣᠷᠣᠭᠤᠯᠬᠤ ᠰᠠᠨᠠᠯ ᠳᠤᠷᠠᠳᠤᠭᠰᠠᠨ ᠪᠥᠭᠡᠳ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠪᠣᠯ ᠵᠠᠰᠠᠭ ᠤᠨ ᠣᠷᠳᠣᠨ ᠤ ᠠᠵᠢᠯ ᠤᠨ ᠡᠷᠬᠡ ᠰᠦᠷᠲᠦ ᠴᠢᠨᠠᠷᠲᠠᠶ ᠵᠢᠯᠣᠭᠤᠳᠬᠤ | ᠴᠢᠨᠠᠷᠲᠠᠶ ᠪᠢᠴᠢᠭ ᠮᠠᠲ᠋ᠧᠷᠢᠶᠠᠯ ᠮᠥᠨ᠂ ᠲᠤᠭᠤᠷᠢᠭ ᠤᠨ ᠵᠠᠰᠠᠭ ᠤᠨ ᠣᠷᠳᠣᠨ ᠤ ᠠᠷᠠᠳ ᠲᠦᠮᠡᠨ ᠳᠤ ᠬᠢᠭᠰᠡᠨ | ᠲᠥᠪ ᠴᠢᠩᠭ᠎ᠠ ᠠᠮᠠᠯᠠᠯᠲᠠ ᠮᠥᠨ᠂ ︽ᠢᠯᠡᠳᠬᠡᠯ︾ ᠢ ᠲᠤᠭᠤᠷᠪᠢᠨ ᠪᠢᠴᠢᠬᠦ ᠪᠠ ᠵᠠᠰᠠᠪᠤᠷᠢ ᠣᠷᠣᠭᠤᠯᠬᠤ ᠠᠵᠢᠯ ᠢ | ᠰᠠᠶᠢᠲᠤᠷ ᠬᠢᠬᠦ ᠨᠢ ᠨᠢᠳᠤᠨᠤᠨ ᠤ ᠵᠠᠰᠠᠭ ᠤᠨ ᠣᠷᠳᠣᠨ ᠤ ᠠᠵᠢᠯ ᠤᠨ ᠪᠠᠶᠢᠳᠠᠯ ᠢ ᠣᠨᠣᠪᠴᠢᠲᠠᠶ ᠲᠤᠰᠬᠠᠬᠤ᠂ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ︽2020 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠢ ᠲᠤᠭᠤᠷᠪᠢᠨ ᠪᠢᠴᠢᠬᠦ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠲᠤᠭᠤᠷᠪᠢᠬᠤ ᠳᠤᠭᠤᠶᠢᠯᠠᠩ ᠨᠢ | ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠳᠤᠷᠠᠨ ᠥᠷᠭᠡᠨ ᠳᠡᠯᠭᠡᠷᠡᠩᠭᠦᠶ ᠪᠠᠷ | ᠪᠠᠶᠢᠴᠠᠭᠠᠨ ᠰᠤᠳᠤᠯᠤᠯᠲᠠ ᠬᠢᠵᠦ᠂ 2020 ᠣᠨ ᠤ ᠬᠥᠭᠵᠢᠯᠲᠡ ᠶᠢᠨ ᠰᠡᠳᠬᠢᠴᠡ ᠪᠠ ᠵᠠᠰᠠᠭ ᠤᠨ ᠣᠷᠳᠣᠨ ᠤ | ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠬᠡᠳᠦᠨ ᠤᠳᠠᠭ᠎ᠠ ᠳᠠᠪᠳᠤᠨ᠂ ᠡᠭᠡ ᠨᠤᠤᠷᠠᠭ ᠢ ᠬᠡᠳᠦᠨ | ᠤᠳᠠᠭ᠎ᠠ ᠵᠠᠰᠠᠨ ᠰᠣᠯᠢᠵᠤ᠂ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ ᠳᠠᠷᠠᠭᠠᠴᠢ ᠶᠢᠨ | ᠠᠯᠬᠤᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠤᠮᠳᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠴᠢᠬᠤᠯᠠ | ᠵᠣᠷᠢᠭ ᠰᠠᠨᠠᠭ᠎ᠠ ᠲᠠᠢ ᠭᠦᠢᠴᠡᠳ ᠵᠣᠯᠭᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠳᠤ ᠬᠠᠮᠲᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠢᠳᠠᠯ ᠤᠨ ᠨᠥᠯᠥᠭᠡ ᠶᠢ ᠶᠡᠷᠦᠩᠬᠡᠶᠢᠯᠡᠨ ᠪᠤᠳᠤᠯᠬᠢᠯᠵᠤ᠂ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠵᠣᠷᠢᠭᠲᠠᠶ ᠪᠠᠷ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ | ᠬᠥᠭᠵᠢᠯᠲᠡ ᠶᠢᠨ ᠬᠠᠷᠠᠯᠲᠠ ᠪᠠᠨ ᠦᠨᠡᠨ ᠪᠣᠳᠠᠲᠠᠶ ᠪᠠᠷ ᠬᠠᠷᠭᠤᠭᠤᠯᠤᠨ᠂ ᠪᠠᠰᠠ ︽ᠢᠯᠡᠳᠬᠡᠯ︾ ᠢ ᠤᠯᠠᠮ ᠨᠢᠭᠡ | ᠠᠯᠬᠤᠮ ᠳᠥᠭᠦᠮᠴᠢᠯᠡᠵᠦ ᠪᠣᠳᠠᠲᠠᠶᠢᠵᠢᠭᠤᠯᠵᠤ᠂ ᠬᠤᠷᠴᠢᠨ ᠲᠣᠭᠤᠷᠢᠭ ᠤᠨ ᠪᠣᠳᠠᠲᠤ ᠪᠠᠢᠳᠠᠯ ᠳᠤ ᠨᠡᠶᠢᠴᠡᠭᠰᠡᠨ᠂ | ᠲᠣᠭᠤᠷᠢᠭ ᠤᠨ ᠬᠢᠷᠢ ᠬᠡᠮᠵᠢᠶ᠎ᠡ ᠶᠢ ᠢᠯᠡᠷᠡᠭᠦᠯᠦᠭᠰᠡᠨ᠂ ᠲᠣᠭᠤᠷᠢᠭ ᠤᠨ ᠵᠢᠷᠤᠭ ᠲᠦᠰᠦᠪ ᠢ ᠢᠯᠡᠷᠡᠭᠦᠯᠦᠭᠰᠡᠨ ᠰᠠᠶᠢᠨ | ︽ᠮᠡᠳᠡᠭᠦᠯᠦᠯᠲᠡ︾ ᠶᠢ ᠪᠦᠷᠢᠯᠳᠦᠭᠦᠯᠵᠦ᠂ ᠰᠢᠨ᠎ᠡ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢ | ᠠᠬᠢᠭᠤᠯᠬᠤ ᠳᠤ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠬᠤ ᠬᠡᠷᠡᠭᠲᠡᠶ᠃ |