ᠬᠤᠷᠴᠢᠨ ᠲᠣᠭᠤᠷᠢᠭ 1588.73 ᠺᠢᠯᠣᠭ᠍ᠷᠠᠮ ᠰᠤᠷᠭᠠᠭᠤᠯᠢ ᠶᠢᠨ ᠬᠦᠷᠢᠶᠡᠨ ᠤ ᠲᠤᠷᠰᠢᠯᠲᠠ ᠶᠢᠨ ᠲᠠᠰᠤᠭ ᠤᠨ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠢ ᠲᠣᠬᠢᠲᠠᠶ  ᠰᠢᠢᠳᠪᠦᠷᠢᠯᠡᠪᠡ
ᠨᠡᠶᠢᠲᠡᠯᠡᠭᠰᠡᠨ ᠴᠠᠭ᠄
2020-05-12
 ᠬᠤᠷᠴᠢᠨ ᠲᠣᠭᠤᠷᠢᠭ ᠬᠠᠷᠢᠶ᠎ᠠ ᠣᠷᠣᠨ ᠤ ᠰᠤᠷᠭᠠᠭᠤᠯᠢ ᠶᠢ ᠨᠠᠷᠢᠨ ᠬᠢᠨᠠᠮᠠᠭᠠᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ 15 ᠰᠤᠷᠭᠠᠭᠤᠯᠢ ᠶᠢᠨ ᠬᠠᠶᠠᠭᠳᠠᠮᠠᠯ ᠬᠢᠮᠢ ᠶᠢᠨ ᠪᠣᠳᠠᠰ ᠢ ᠲᠦᠷᠦᠯ ᠬᠤᠪᠢᠶᠠᠨ ᠪᠤᠭᠤᠳᠠᠯᠯᠠᠵᠤ᠂ ᠲᠤᠰ ᠤᠳᠠᠭ᠎ᠠ ᠶᠢᠨ ᠠᠶᠤᠯᠲᠠᠢ ᠬᠢᠮᠢ ᠶᠢᠨ ᠪᠣᠳᠠᠰ ᠢ ᠰᠢᠢᠳᠪᠦᠷᠢᠯᠡᠭᠰᠡᠨ ᠶᠡᠷᠦᠩᠬᠡᠢ ᠬᠦᠨᠳᠦᠴᠡ ᠨᠢ 1588.73  ᠺᠢᠯᠦᠭᠷᠠᠮ ᠳᠤ ᠬᠦᠷᠴᠡᠢ᠃ ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ᠂  ᠲᠤᠭᠤᠷᠢᠭ ᠤᠨ ᠠᠮᠢ ᠠᠬᠤᠶ ᠣᠷᠴᠢᠨ ᠲᠤᠭᠤᠷᠢᠨ ᠤ ᠬᠤᠪᠢᠶᠠᠷᠢ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠵᠢᠴᠢ ᠪᠠᠶᠢᠭ᠎ᠠ ᠰᠤᠷᠭᠠᠭᠤᠯᠢ ᠶᠢᠨ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠵᠡᠷᠭᠡ ᠨᠢᠭᠡᠴᠡ ᠶᠢᠨ ᠬᠠᠮᠵᠢᠯᠴᠠᠭ᠎ᠠ  ᠲᠠᠢ ᠪᠠᠷ᠂ 4 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 7 ᠴᠠᠭ ᠠᠴᠠ ᠡᠬᠢᠯᠡᠨ᠂ 15 ᠰᠤᠷᠭᠠᠭᠤᠯᠢ ᠶᠢᠨ ᠬᠠᠶᠠᠭᠳᠠᠮᠠᠯ ᠬᠢᠮᠢ ᠶᠢᠨ ᠡᠮ ᠤᠨ ᠵᠦᠢᠯ ᠢ ᠰᠢᠯᠵᠢᠭᠦᠯᠦᠨ ᠲᠡᠭᠡᠭᠡᠪᠦᠷᠢᠯᠡᠨ᠎ᠡ᠃ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠰᠤᠷᠭᠠᠭᠤᠯᠢ ᠶᠢᠨ ᠰᠢᠯᠵᠢᠭᠦᠯᠦᠨ  ᠲᠡᠭᠡᠭᠡᠪᠦᠷᠢᠯᠡᠭᠰᠡᠨ ᠬᠠᠶᠠᠭᠳᠠᠮᠠᠯ ᠬᠢᠮᠢ ᠶᠢᠨ ᠡᠮ ᠤᠨ ᠵᠦᠢᠯ ᠳᠤ ᠲᠡᠷᠭᠡ ᠠᠴᠢᠶᠠᠯᠠᠬᠤ ᠶᠢ ᠬᠢᠨᠠᠨ ᠬᠠᠷᠭᠤᠭᠤᠯᠵᠤ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠨᠢ  ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠤ ᠴᠠᠭ ᠲᠤᠬᠠᠶ ᠳᠤᠨᠢ ᠠᠮᠤᠷ ᠢ ᠬᠠᠮᠠᠭᠠᠯᠠᠨ᠎ᠠ᠃ ᠠᠷᠪᠠᠨ ᠬᠡᠳᠦᠨ ᠴᠠᠭ ᠤᠨ ᠨᠠᠷᠢᠨ ᠨᠢᠮᠪᠠᠶ ᠴᠤᠭᠯᠠᠭᠤᠯᠬᠤ ᠠᠵᠢᠯ ᠢᠶᠠᠷ ᠳᠠᠮᠵᠢᠨ᠂ ᠲᠤᠰ ᠪᠦᠯᠦᠭ ᠠᠶᠤᠯᠲᠠᠶ ᠬᠢᠮᠢ ᠶᠢᠨ ᠪᠣᠳᠠᠰ ᠢ 4 ᠰᠠᠷ᠎ᠠ ᠶᠢᠨ 28 ᠤ ᠡᠳᠦᠷ ᠤᠨ 22 ᠴᠠᠭ ᠲᠤ ᠲᠦᠩᠯᠢᠶᠣᠤ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠬᠢᠵᠠᠭᠠᠷᠲᠤ ᠺᠣᠮᠫᠠᠨᠢ ᠳᠤ ᠠᠮᠤᠷ ᠲᠦᠪᠰᠢᠨ ᠢᠶᠠᠷ ᠬᠦᠷᠭᠡᠵᠡᠶ᠃ ᠠᠳᠡ ᠬᠦᠷᠦᠭᠡᠳ᠂ ᠰᠤᠷᠭᠠᠭᠤᠯᠢ ᠶᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠲᠦᠢᠯᠪᠤᠷᠢᠲᠠᠶ  ᠰᠢᠢᠳᠪᠦᠷᠢᠯᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号