ᠬᠤᠷᠴᠢᠨ ᠲᠣᠭᠤᠷᠢᠭ ᠤᠨ ᠠᠩᠬ᠎ᠠ ᠳᠤᠮᠳᠠᠳᠤ᠂ ᠥᠨᠳᠥᠷ ᠳᠤᠮᠳᠠᠳᠤ ᠶᠢᠨ ᠰᠤᠷᠤᠭᠴᠢᠳ 5 ᠰᠠᠷ᠎ᠠ ᠶᠢᠨ 7 ᠤ ᠡᠳᠦᠷ ᠠᠴᠠ ᠡᠬᠢᠯᠡᠨ ᠰᠤᠷᠭᠠᠭᠤᠯᠢ ᠡᠬᠢᠯᠡᠪᠡ
ᠨᠡᠶᠢᠲᠡᠯᠡᠭᠰᠡᠨ ᠴᠠᠭ᠄
2020-05-12
 ᠬᠤᠷᠴᠢᠨ ᠲᠣᠭᠤᠷᠢᠭ ᠲᠤ᠂ ᠪᠠᠭ᠎ᠠ ᠰᠤᠷᠭᠠᠭᠤᠯᠢ ᠠᠴᠠ ᠭᠠᠳᠠᠨ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ ᠰᠤᠷᠤᠭᠴᠢᠳ ᠴᠤ 5 ᠰᠠᠷ᠎ᠠ ᠶᠢᠨ 7 ᠤ ᠡᠳᠦᠷ ᠠᠴᠠ ᠡᠬᠢᠯᠡᠨ ᠰᠤᠷᠭᠠᠭᠤᠯᠢ ᠡᠬᠢᠯᠡᠵᠦ ᠰᠤᠷᠭᠠᠭᠤᠯᠢ ᠳᠠᠭᠠᠨ ᠪᠤᠴᠠᠵᠠᠢ᠃ ᠢᠩᠭᠢᠭᠡᠳ ᠬᠤᠷᠴᠢᠨ ᠲᠣᠭᠤᠷᠢᠭ ᠤᠨ ᠠᠩᠬ᠎ᠠ ᠳᠤᠮᠳᠠᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠪᠦᠬᠦᠨ ᠢᠶᠠᠷ ᠢᠶᠠᠨ ᠬᠢᠴᠢᠶᠡᠯ ᠰᠡᠷᠭᠦᠭᠡᠪᠡ᠃ ᠬᠤᠷᠴᠢᠨ ᠤ ᠲᠤᠷᠰᠢᠯᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠭᠦᠳᠡᠨ ᠤ ᠡᠮᠦᠨ᠎ᠡ  ᠰᠤᠷᠪᠤᠯᠵᠢᠯᠠᠭᠴᠢ ᠶᠢᠨ ᠣᠯᠵᠤ ᠬᠠᠷᠠᠭᠰᠠᠨ ᠢᠶᠠᠷ᠂ ᠰᠤᠷᠭᠠᠭᠤᠯᠢ ᠶᠢᠨ ᠡᠭᠦᠳᠡᠨ ᠳᠡᠭᠡᠷ᠎ᠡ ᠵᠠᠮ ᠬᠠᠷᠢᠯᠴᠠᠭᠠᠨ ᠤ ᠴᠠᠭᠳᠠᠭ᠎ᠠ ᠰᠤᠷᠭᠠᠭᠤᠯᠢ ᠶᠢᠨ ᠡᠭᠦᠳᠡᠨ ᠤ ᠡᠮᠬᠢ ᠳᠢᠭᠯᠢᠮ ᠢ ᠬᠠᠮᠠᠭᠠᠯᠠᠵᠤ᠂ ᠪᠠᠭᠰᠢ᠂ ᠠᠷᠢᠭᠤᠳᠬᠠᠭᠴᠢ᠂ ᠠᠮᠤᠷ ᠢ ᠬᠠᠮᠠᠭᠠᠯᠠᠭᠴᠢ ᠴᠤ ᠶᠠᠭᠠᠷᠠᠯᠲᠠᠶ ᠠᠵᠢᠯᠯᠠᠵᠤ ᠪᠠᠶᠢᠨ᠎ᠠ᠃ ᠰᠤᠷᠤᠭᠴᠢᠳ ᠭᠡᠷ ᠤᠨ ᠠᠬᠠᠮᠠᠳ ᠤᠨ ᠪᠠᠷ᠎ᠠ ᠪᠤᠯᠤᠯᠭ᠎ᠠ ᠲᠠᠢ ᠪᠠᠷ ᠬᠠᠮᠢᠶ᠎ᠠ ᠪᠦᠬᠦᠢ ᠭᠡᠷᠡᠴᠢ ᠠᠪᠴᠤ᠂ ᠬᠢᠨᠠᠨ ᠪᠠᠶᠢᠴᠠᠭᠠᠭᠠᠳ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠨ᠎ᠠ᠃ ᠰᠤᠷᠤᠭᠴᠢᠳ ᠤᠨ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠬᠦ ᠡᠮᠦᠨ᠎ᠡ᠂ ᠭᠡᠷ ᠤᠨ ᠠᠬᠠᠮᠠᠳ ᠪᠣᠯᠤᠨ ᠬᠡᠦᠬᠡᠳ ᠴᠦ ᠮᠠᠰᠢ ᠪᠠᠶᠠᠷᠯᠠᠵᠤ ᠪᠠᠶᠢᠯ᠎ᠠ᠃    ᠠᠩᠬ᠎ᠠ ᠳᠤᠮᠳᠠᠳᠤ ᠶᠢᠨ ᠨᠢᠭᠡᠳᠦᠭᠡᠷ᠂ ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠰᠤᠷᠤᠭᠴᠢ ᠶᠢᠨ ᠲᠤᠭ᠎ᠠ ᠤᠯᠠᠨ᠂ ᠨᠠᠰᠤ ᠪᠠᠭ᠎ᠠ ᠪᠠᠶᠢᠬᠤ ᠣᠨᠴᠠᠯᠢᠭ ᠲᠤ ᠴᠢᠭᠯᠡᠭᠦᠯᠦᠨ᠂ ᠬᠤᠷᠴᠢᠨ ᠲᠤᠷᠰᠢᠯᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠭᠠᠭᠤᠯᠢ ᠳᠠᠭᠠᠨ ᠪᠤᠴᠠᠬᠤ ᠠᠵᠢᠯ ᠤᠨ ᠲᠤᠷᠰᠢᠯᠭ᠎ᠠ ᠶᠢ ᠭᠦᠢᠴᠡᠳ ᠰᠢᠩᠭᠡᠭᠡᠨ ᠠᠪᠴᠤ᠂ ᠨᠠᠷᠢᠨ ᠨᠢᠮᠪᠠᠢ᠂ ᠴᠢᠩᠭ᠎ᠠ ᠨᠢᠮᠪᠠᠢ ᠬᠢᠴᠢᠶᠡᠯ  ᠰᠡᠷᠭᠦᠭᠡᠬᠦ ᠠᠵᠢᠯ ᠤᠨ ᠲᠥᠰᠦᠯ ᠢ ᠲᠣᠭᠲᠠᠭᠠᠵᠤ᠂ ᠪᠠᠭᠰᠢ ᠰᠤᠷᠤᠭᠴᠢᠳ ᠲᠤ ᠠᠮᠤᠷ ᠲᠦᠪᠰᠢᠨ ᠡᠷᠡᠭᠦᠯ ᠰᠠᠷᠠᠭᠤᠯ ᠰᠤᠷᠤᠯᠴᠠᠯᠭ᠎ᠠ᠂ ᠠᠵᠢᠯ ᠤᠨ ᠣᠷᠴᠢᠨ ᠲᠣᠭᠤᠷᠢᠨ ᠢ ᠬᠠᠩᠭᠠᠵᠤ ᠥᠭᠴᠡᠢ᠃ ᠥᠷ ᠴᠠᠶᠢᠬᠤ ᠦᠶ᠎ᠡ ᠳᠤ᠂ ᠰᠤᠷᠤᠭᠴᠢᠳ ᠲᠤ ᠬᠠᠪᠤᠷ ᠤᠨ ᠨᠠᠷᠠ ᠮᠦᠰᠢᠶᠡᠩᠭᠦᠢ ᠬᠠᠷᠠᠭᠳᠠᠵᠤ᠂ ᠰᠠᠯᠤᠭᠠᠳ ᠤᠳᠠᠭᠰᠠᠨ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠨ ᠢᠷᠡᠵᠦ᠂ ᠡᠮᠦᠨ᠎ᠡ ᠲᠠᠯ᠎ᠠ ᠳᠤᠨᠢ ᠲᠡᠳᠡᠨ ᠢ ᠬᠦᠯᠢᠶᠡᠵᠦ ᠪᠠᠶᠢᠭ᠎ᠠ ᠨᠢ ᠪᠠᠭᠰᠢ  ᠪᠠ ᠬᠡᠷ ᠤᠨ ᠠᠬᠠᠮᠠᠳ ᠤᠨ ᠴᠢᠩ ᠰᠡᠳᠬᠢᠯ ᠤᠨ ᠬᠦᠰᠡᠯ ᠡᠷᠡᠮᠡᠯᠵᠡᠯ᠂ ᠮᠥᠨ ᠴᠦ ᠠᠯᠤᠰ ᠢᠷᠡᠭᠡᠳᠦᠶ ᠬᠡᠭᠡᠨ ᠰᠠᠷᠠᠭᠤᠯ  ᠰᠠᠶᠢᠨ ᠰᠠᠶᠢᠬᠠᠨ ᠢᠷᠡᠭᠡᠳᠦᠶ ᠪᠣᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号