ᠰᠠᠯᠵᠤ ᠤᠳᠠᠭᠰᠠᠨ ᠰᠢᠷᠡᠭᠡ ᠰᠠᠨᠳᠠᠯᠢ᠂ ᠤᠳᠠᠭᠠᠨ ᠠᠭᠤᠯᠵᠠᠭ᠎ᠠ ᠦᠭᠡᠢ ᠪᠠᠭᠰᠢ ᠪᠣᠯᠤᠨ ᠬᠠᠮᠲᠤ ᠰᠤᠷᠤᠭᠴᠢ᠂ ᠡᠨᠡ | ᠬᠠᠪᠤᠷ ᠰᠤᠷᠭᠠᠭᠤᠯᠢ ᠡᠬᠢᠯᠡᠭᠰᠡᠨ ᠨᠢᠭᠡᠳᠦᠭᠡᠷ ᠡᠳᠦᠷ ᠯᠠᠪᠲᠠᠶ ᠶᠡᠷᠦ ᠪᠤᠰᠤ ᠶᠢᠨ ᠶᠤᠮ᠃ 5 ᠰᠠᠷ᠎ᠠ ᠶᠢᠨ 7 ᠤ ᠡᠳᠦᠷ | ᠂ ᠬᠤᠷᠴᠢᠨ ᠲᠣᠭᠤᠷᠢᠭ ᠤᠨ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠤ ᠪᠠᠭ᠎ᠠ ᠰᠤᠷᠭᠠᠭᠤᠯᠢ ᠶᠢᠨ | ᠰᠤᠷᠤᠭᠴᠢᠳ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠢᠶᠠᠨ ᠡᠪᠦᠷᠯᠡᠨ ᠰᠤᠷᠭᠠᠭᠤᠯᠢ ᠶᠢᠨ ᠬᠦᠷᠢᠶᠡᠨ ᠳᠡᠭᠡᠨ | ᠬᠦᠷᠴᠦ᠂ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶᠡᠨ ᠳᠤ ᠴᠠᠭ ᠢᠮᠠᠭᠲᠠ ᠠᠮᠢᠵᠢᠷᠠᠯ ᠤᠨ ᠬᠦᠴᠦᠨ ᠢᠶᠠᠷ | ᠪᠢᠯᠬᠠᠨ᠎ᠠ᠃ ᠰᠤᠷᠤᠭᠴᠢᠳ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠰᠤᠷᠭᠠᠭᠤᠯᠢ ᠳᠠᠭᠠᠨ | ᠪᠤᠴᠠᠬᠤ ᠶᠢ ᠦᠨᠡᠨ ᠬᠦ ᠪᠠᠳᠤᠯᠠᠬᠤ ᠶᠢᠨ ᠲᠥᠯᠥᠭᠡ᠂ ᠡᠯ᠎ᠡ ᠪᠠᠭ᠎ᠠ ᠰᠤᠷᠭᠠᠭᠤᠯᠢ ᠶᠡᠭᠡ ᠬᠡᠮᠵᠢᠶᠡᠨ ᠤ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠬᠢᠵᠦ᠂ ᠪᠠᠭᠰᠢ ᠨᠠᠷ ᠤᠨ ᠬᠤᠷᠠᠯ᠂ ᠡᠯ᠎ᠡ ᠥᠨᠴᠥᠭ ᠪᠤᠯᠤᠩ ᠢ ᠠᠷᠢᠭᠤᠳᠬᠠᠬᠤ | ᠂ ᠰᠤᠷᠭᠠᠭᠤᠯᠢ ᠳᠤ ᠣᠷᠣᠬᠤ ᠰᠤᠷᠢᠯᠲᠠ ᠵᠡᠷᠭᠡ ᠶᠢ ᠬᠢᠵᠡᠭᠡᠪᠡ᠃ ᠪᠠᠭᠰᠢ ᠰᠤᠷᠤᠭᠴᠢᠳ ᠤᠨ ᠬᠥᠮᠦᠨ ᠬᠠᠷ᠎ᠠ | ᠴᠤᠭᠯᠠᠷᠠᠬᠤ ᠠᠴᠠ ᠪᠣᠯᠵᠣ ᠬᠠᠯᠳᠠᠪᠤᠷᠢᠯᠠᠬᠤ ᠠᠶᠤᠯ ᠲᠦᠭᠰᠢᠭᠦᠷᠢ ᠠᠴᠠ ᠵᠠᠶᠢᠯᠠᠭᠤᠯᠬᠤ ᠶᠢᠨ ᠲᠥᠯᠥᠭᠡ᠂ ᠬᠤᠷᠴᠢᠨ | ᠲᠣᠭᠤᠷᠢᠭ ᠤᠨ ᠡᠯ᠎ᠡ ᠪᠠᠭ᠎ᠠ ᠰᠤᠷᠭᠠᠭᠤᠯᠢ ᠶᠢᠨ ᠳᠥᠷᠪᠡ᠂ ᠲᠠᠪᠤ᠂ ᠵᠢᠷᠭᠤᠳᠤᠭᠠᠷ ᠣᠨ ᠤ ᠡᠯ᠎ᠡ ᠠᠩᠭᠢ ᠶᠢᠨ ᠬᠢᠨ | ᠤᠷᠢᠳᠴᠢᠯᠠᠨ ᠠᠩᠭᠢ ᠶᠢᠨ ᠸᠢᠴᠠᠲ᠂ ᠳ᠋ᠢᠩ ᠳ᠋ᠢᠩ᠂ ᠣᠯᠠᠨ ᠲᠦᠮᠡᠨ ᠤ ᠨᠡᠶᠢᠲᠡᠯᠡᠯ ᠢᠶᠠᠷ ᠳᠠᠮᠵᠢᠭᠤᠯᠤᠨ᠂ | ᠰᠤᠷᠤᠭᠴᠢᠳ ᠢ ᠡᠷᠡᠭᠦᠯ ᠮᠡᠨᠳᠦ ᠶᠢᠨ ᠭᠡᠷᠡᠴᠢ ᠪᠠᠨ ᠤᠷᠢᠳᠴᠢᠯᠠᠨ ᠰᠠᠶᠢᠲᠤᠷ ᠬᠢᠵᠦ᠂ ᠰᠤᠷᠭᠠᠭᠤᠯᠢ ᠳᠤ ᠬᠦᠷᠴᠦ | ᠠᠮᠠᠪᠴᠢ ᠵᠡᠭᠦᠵᠦ᠂ ᠡᠷᠡᠭᠦᠯ ᠮᠡᠨᠳᠦ ᠶᠢᠨ ᠭᠡᠷᠡᠴᠢ ᠪᠤᠶᠤ ᠡᠷᠡᠭᠦᠯ ᠮᠡᠨᠳᠦ ᠶᠢᠨ ᠺᠣᠳ᠋ ᠢ ᠬᠠᠩᠭᠠᠵᠤ᠂ ᠬᠠᠮᠢᠶ᠎ᠠ ᠪᠥᠬᠦᠶ | ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠡᠮᠳᠡᠭᠯᠡᠬᠦ ᠶᠢ ᠱᠠᠭᠠᠷᠳᠠᠪᠠ᠃ | |