ᠬᠤᠷᠴᠢᠨ ᠲᠣᠭᠤᠷᠢᠭ᠄ ᠠᠵᠤ ᠠᠬᠤᠶ ᠶᠢᠨ ᠣᠶ ᠰᠢᠭᠤᠶ  ᠣᠷᠴᠢᠨ ᠲᠣᠭᠤᠷᠢᠨ ᠢ ᠨᠤᠭᠤᠭᠠᠷᠠᠭᠤᠯᠵᠤ ᠠᠷᠠᠳ ᠢᠷᠭᠡᠳ ᠢ  ᠪᠠᠶᠠᠵᠢᠭᠤᠯᠪᠠ
ᠨᠡᠶᠢᠲᠡᠯᠡᠭᠰᠡᠨ ᠴᠠᠭ᠄
2020-05-12
ᠤᠢᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠳᠦᠬᠡᠨ ᠪᠠᠶᠢᠭᠤᠯᠬᠤ ᠨᠠᠨᠳᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠢ ᠰᠢᠭᠤᠢ ᠶᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠠᠵᠤ ᠠᠬᠤᠢ ᠶᠢᠨ ᠤᠢ ᠶᠢᠨ ᠪᠦᠳᠦᠬᠡᠨ ᠪᠠᠶᠢᠭᠤᠯᠤᠯᠲᠠ ᠶᠢᠨ ᠦᠷ᠎ᠡ ᠪᠦᠲᠦᠭᠡᠯ ᠨᠢ ᠠᠮᠢ ᠠᠬᠤᠢ ᠳᠤ ᠥᠳᠬᠡᠨ ᠵᠤᠵᠠᠭᠠᠨ ᠪᠣᠬᠢᠷᠲᠤᠯ ᠦᠬᠡᠢ ᠬᠦᠭ ᠠᠶᠠᠰ ᠨᠡᠮᠡᠷᠢᠯᠡᠵᠦ᠂ ᠨᠡᠩ ᠤᠯᠠᠨ ᠬᠤᠷᠴᠢᠨ ᠤ ᠬᠥᠪᠡᠭᠦᠳ ᠥᠬᠢᠳ ᠲᠤ  ᠬᠦᠬᠡ ᠠᠭᠤᠯᠠ ᠬᠥᠬᠡᠮᠳᠦᠭ ᠤᠰᠤ᠂ ᠬᠦᠬᠡ ᠣᠭᠲᠠᠷᠭᠤᠢ ᠬᠥᠪᠥᠩ ᠡᠭᠦᠯᠡ ᠶᠢᠨ ᠠᠪᠴᠢᠷᠠᠭᠰᠠᠨ ᠠᠮᠢ ᠠᠬᠤᠢ ᠶᠢᠨ ᠠᠰᠢᠭ ᠲᠤᠰᠠ ᠶᠢ ᠡᠳ᠋ᠯᠡᠭᠦᠯᠬᠦ ᠪᠣᠯᠵᠠᠢ᠃    ᠳᠠᠯᠠᠩ ᠪᠠᠯᠭᠠᠰᠤᠨ ᠤ ᠬᠤᠶᠢᠲᠤ ᠤᠪᠤᠭᠠᠨ ᠶᠢᠩᠽᠢ ᠭᠠᠴᠠᠭᠠᠨ ᠤ ᠣᠶ ᠰᠢᠭᠤᠶ  ᠶᠢ ᠲᠤᠰᠬᠤᠨ ᠤ ᠠᠷᠠᠳ ᠬᠠᠨ ᠶᠢᠨ ᠪᠦᠦ ᠡᠨᠡ ᠵᠢᠯ ᠤᠨ ᠰᠢᠨ᠎ᠡ ᠵᠠᠶᠢᠯᠠᠭᠰᠠᠨ ᠲᠠᠤᠯᠠᠢ ᠶᠢᠨ ᠪᠦᠭᠡᠷ᠎ᠡ ᠳᠤ ᠰᠢᠷᠣᠶ ᠬᠤᠰᠤᠨ ᠤᠰᠤᠯᠠᠯᠲᠠ ᠬᠢᠵᠦ ᠶᠠᠭᠠᠷᠠᠵᠠᠶ᠃ ᠬᠠᠨ ᠶᠢᠨ ᠪᠦᠦ ᠶᠢᠨ 32 ᠮᠦ ᠣᠶ ᠲᠠᠢ ᠭᠠᠵᠠᠷ  ᠤᠤᠯ ᠳᠠᠭᠠᠨ ᠤᠯᠢᠶᠠᠰᠤᠨ ᠮᠤᠳᠤ ᠵᠠᠶᠢᠯᠠᠭᠰᠠᠨ ᠪᠠᠶᠢᠵᠠᠢ᠂ ᠨᠢᠳᠤᠨᠤᠨ ᠲᠡᠷᠡ ᠤᠶᠢᠲᠦ ᠭᠠᠵᠠᠷ ᠢᠶᠠᠨ ᠥᠭᠡᠷᠡᠴᠢᠯᠡᠨ᠂ 16 ᠮᠦ ᠤᠶᠢᠳᠤ ᠭᠠᠵᠠᠷ ᠲᠤ ᠪᠠᠨ ᠬᠠᠶᠢᠲᠠᠩ ᠵᠠᠶᠢᠯᠠᠵᠠᠶ᠂ ᠡᠨᠡ ᠵᠢᠯ ᠲᠡᠷᠡ ᠦᠯᠡᠳᠡᠭᠰᠡᠨ 16 ᠮᠦ ᠤᠶᠢᠳᠤ ᠭᠠᠵᠠᠷ ᠲᠤ  ᠲᠠᠤᠯᠠᠢ ᠶᠢᠨ ᠪᠦᠭᠡᠷ᠎ᠡ ᠶᠢᠨ ᠵᠢᠮᠢᠰ ᠵᠠᠶᠢᠯᠠᠵᠤ᠂  ᠡᠭᠦᠨ ᠳᠡᠭᠡᠨ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠬᠦ ᠶᠢ ᠪᠤᠳᠤᠵᠠᠶ᠃ ᠬᠠᠨ ᠶᠢᠨ ᠪᠦᠦ᠄ ︽ᠬᠡᠷᠪᠡ ᠭᠤᠷᠪᠠᠨ ᠵᠢᠯ  ᠳᠤ ᠵᠢᠮᠢᠰ ᠰᠠᠭᠤᠪᠠᠯ᠂ ᠨᠢᠭᠡ ᠮᠣᠳᠣ 50 ᠲᠥᠭᠦᠷᠢᠭ ᠬᠤᠳᠠᠯᠳᠤᠵᠤ᠂ 600 ᠰᠠᠭᠤᠷᠢ ᠮᠣᠳᠣ 3 ᠲᠦᠮᠡᠨ ᠲᠥᠭᠦᠷᠢᠭ ᠬᠤᠳᠠᠯᠳᠤᠵᠤ ᠴᠢᠳᠠᠨ᠎ᠠ︾ ᠭᠡᠨ᠎ᠡ᠃    ᠬᠤᠶᠢᠳᠤ ᠤᠪᠤᠭᠠᠨ ᠶᠢᠩᠽᠢ ᠭᠠᠴᠠᠭ᠎ᠠ 2019 ᠣᠨ ᠠᠴᠠ ᠡᠬᠢᠯᠡᠨ ᠤᠯᠢᠶᠠᠰᠤᠨ ᠮᠤᠳᠤ ᠢ ᠠᠵᠤ ᠠᠬᠤᠶ ᠶᠢᠨ ᠣᠶ ᠪᠣᠯᠭᠠᠨ ᠥᠭᠡᠷᠡᠴᠢᠯᠡᠵᠦ᠂ ᠣᠶᠢᠵᠢᠭᠤᠯᠤᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠳᠥᠯᠭᠢᠨ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ︽ᠲᠤᠰᠬᠠᠶ ᠮᠡᠷᠭᠡᠵᠢᠯᠲᠡᠨ ᠵᠢᠯᠣᠭᠤᠳᠬᠤ᠂ ᠲᠠᠷᠢᠶᠠᠴᠢᠨ ᠡᠷᠦᠬᠡ  ᠤᠶᠢᠵᠢᠭᠤᠯᠬᠤ︾ ᠠᠷᠭ᠎ᠠ ᠬᠡᠯᠪᠡᠷᠢ ᠪᠠᠷ ᠳᠠᠮᠵᠢᠭᠤᠯᠤᠨ ᠲᠤᠰᠬᠠᠶ ᠮᠡᠷᠭᠡᠵᠢᠯᠲᠡᠨ ᠲᠠᠷᠢᠶᠠᠴᠢᠨ ᠡᠷᠦᠬᠡ ᠳᠤ ᠮᠡᠷᠭᠡᠵᠢᠯ ᠤᠨ ᠵᠢᠯᠤᠭᠤᠳᠤᠯᠭ᠎ᠠ ᠬᠠᠩᠭᠠᠪᠠ᠂ ᠡᠨᠡ ᠨᠢ ᠥᠩᠭᠡ ᠦᠵᠡᠮᠵᠢ ᠶᠢ ᠰᠠᠶᠢᠬᠠᠨ ᠪᠣᠯᠭᠠᠭᠰᠠᠨ ᠢᠶᠠᠷ ᠪᠠᠷᠠᠬᠤ ᠥᠬᠡᠶ ᠪᠠᠰᠠ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠡᠶ᠃ ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠣᠨᠴᠠᠯᠢᠭᠲᠤ ᠠᠵᠤ ᠠᠬᠤᠶ ᠶᠢᠨ ᠣᠶ ᠶᠢᠨ ᠠᠵᠤ ᠦᠢᠯᠡᠰ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ ᠣᠳᠣᠬᠠᠨ ᠪᠣᠯᠲᠠᠯ᠎ᠠ᠂ ᠬᠤᠷᠴᠢᠨ ᠲᠣᠭᠤᠷᠢᠭ ᠤᠨ ᠠᠵᠤ ᠠᠬᠤᠶ ᠶᠢᠨ ᠣᠶ ᠶᠢᠨ ᠳᠠᠷᠢᠬᠤ ᠲᠠᠯᠠᠪᠠᠶ ᠨᠢᠭᠡᠨᠲᠡ 15 ᠲᠦᠮᠡᠨ ᠮᠥ ᠬᠦᠷᠴᠦ᠂ ᠡᠭᠦᠨ ᠳᠤ ᠴᠢᠴᠠᠷᠭᠠᠨ᠎ᠠ 8 ᠲᠦᠮᠡᠨ ᠮᠥ᠂ ᠪᠣᠭᠤᠮᠲᠠ ᠶᠢᠨ ᠭᠠᠳᠠᠨᠠᠬᠢ ᠤᠯᠠᠭᠠᠨ᠎ᠠ 3 ᠲᠦᠮᠡᠨ ᠮᠥ᠂ ᠦᠵᠦᠮ 1.5 ᠲᠦᠮᠡᠨ ᠮᠥ᠂ ᠬᠡᠭᠡᠷ᠎ᠡ ᠶᠢᠨ ᠲᠠᠤᠯᠠᠢ ᠶᠢᠨ ᠪᠦᠭᠡᠷ᠎ᠡ ᠶᠢᠨ ᠵᠢᠮᠢᠰ 0.5 ᠲᠦᠮᠡᠨ ᠮᠥ᠂  ᠬᠡᠭᠡᠷ᠎ᠡ ᠶᠢᠨ ᠬᠦᠢᠯᠡᠰᠦ 0.8 ᠲᠦᠮᠡᠨ ᠮᠥ᠂ ᠪᠤᠰᠤᠳ 1.2 ᠲᠦᠮᠡᠨ ᠮᠥ ᠪᠠᠶᠢᠨ᠎ᠠ᠃    
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号