ᠲᠣᠭᠤᠷᠢᠭ ᠤᠨ ᠤᠳᠤᠷᠢᠳᠤᠯᠭ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠦᠷᠴᠦ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-05-13
 5 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠷᠴᠢᠨ ᠠᠵᠤ ᠦᠢᠯᠡᠳᠪᠦᠷᠢ ᠶᠢᠨ  ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᡁᠢ ᠵᠢᠶᠦ᠋ᠨ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᠱᠸᠦ ᠰᠢᠨ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠦᠷᠴᠦ ᠨᠡᠭᠦᠷᠡᠰᠦᠨ ᠤ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠶᠠᠷᠢᠯᠴᠠᠬᠤ ᠬᠤᠷᠠᠯ ᠳᠡᠭᠡᠷ᠎ᠡ᠂ ᠳ᠋ᠦ᠋ ᡁᠢ ᠵᠢᠶᠦ᠋ᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠨᠠᠷᠢᠨ ᠣᠶᠢᠯᠠᠭᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠬᠡᠪᠴᠢᠶ᠎ᠡ᠂ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠬᠥᠭᠵᠢᠯᠲᠡ ᠶᠢᠨ ᠰᠡᠳᠬᠢᠮᠵᠢ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠪᠠ᠃    ᠳ᠋ᠦ᠋ ᡁᠢ ᠵᠢᠶᠦ᠋ᠨ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠪᠥᠬᠦ ᠲᠠᠯ᠎ᠠ ᠪᠠᠷ ᠵᠣᠬᠢᠴᠠᠭᠤᠯᠵᠤ᠂ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠶᠢᠨ ᠳᠤᠮᠳᠠ  ᠤᠷᠤᠰᠢᠵᠤ ᠪᠠᠶᠢᠭ᠎ᠠ ᠬᠦᠴᠢᠷᠳᠡᠯ ᠢ  ᠰᠢᠢᠳᠪᠦᠷᠢᠯᠡᠨ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠪᠠᠯᠠ ᠮᠥᠩᠭᠦ ᠶᠢᠨ ᠡᠷᠭᠢᠯᠲᠡ ᠵᠡᠷᠭᠡ ᠲᠠᠯ᠎ᠠ ᠪᠠᠷ ᠪᠥᠬᠦ ᠬᠦᠴᠦᠨ ᠢᠶᠠᠷ ᠢᠶᠠᠨ ᠳᠡᠮᠵᠢᠵᠦ᠂ ᠲᠥᠷᠥ ᠶᠢᠨ ᠪᠣᠳᠣᠯᠭ᠎ᠠ ᠶᠢ  ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠨᠡᠭᠦᠷᠡᠰᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ  ᠳᠡᠭᠡᠭᠰᠢᠯᠡᠭᠦᠯᠵᠦ  ᠂ ᠰᠠᠶᠢᠨ ᠰᠠᠶᠢᠬᠠᠨ ᠡᠷᠭᠢᠯᠲᠡ ᠶᠢᠨ ᠲᠣᠭᠲᠠᠴᠠ ᠶᠢ ᠪᠦᠷᠢᠯᠳᠦᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠠᠵᠤ ᠠᠬᠤᠶᠢᠯᠠᠯ ᠤᠨ ᠠᠶᠤᠯ ᠦᠭᠡᠢ  ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ᠂ ᠠᠵᠢᠯ ᠢᠶᠠᠨ ᠰᠡᠷᠭᠦᠭᠡᠵᠦ  ᠰᠡᠷᠭᠡᠶᠢᠯᠡᠨ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠢ ᠦᠨᠡᠨᠬᠦ  ᠪᠠᠳᠤᠯᠠᠭᠰᠠᠨ ᠤᠷᠢᠲᠠᠯ ᠳᠣᠤᠷ᠎ᠠ᠂ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠦᠬᠦ ᠬᠦᠴᠦᠨ  ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号