ᠬᠤᠷᠴᠢᠨ ᠲᠣᠭᠤᠷᠢᠭ ᠲᠤ ᠪᠠᠰᠠ ᠨᠢᠭᠡ ︽120︾ ᠲᠦᠷᠭᠡᠨ ᠠᠪᠤᠷᠠᠯᠲᠠ ᠶᠢᠨ ᠬᠤᠪᠢᠶᠠᠷᠢ ᠥᠷᠲᠡᠭᠡ ᠨᠡᠮᠡᠵᠦ ︽30 ᠮᠢᠨᠦ᠋ᠲ ᠤᠨ ᠲᠦᠷᠭᠡᠨ ᠠᠪᠤᠷᠠᠯᠲᠠ ᠶᠢᠨ ᠲᠣᠭᠤᠷᠢᠭ︾ ᠢ  ᠪᠠᠶᠢᠭᠤᠯᠬᠤ ᠪᠤᠯᠤᠨ᠎ᠠ
ᠨᠡᠶᠢᠲᠡᠯᠡᠭᠰᠡᠨ ᠴᠠᠭ᠄
2020-05-22
 ᠬᠤᠲᠠ ᠬᠥᠳᠡᠭᠡ ᠶᠢᠨ ᠲᠦᠷᠭᠡᠨ ᠠᠪᠤᠷᠠᠬᠤ ᠠᠪᠤᠷᠠᠨ ᠲᠤᠰᠠᠯᠠᠬᠤ ᠬᠦᠴᠦᠨ ᠢ ᠨᠡᠮᠡᠭᠳᠡᠭᠦᠯᠵᠦ᠂ ᠣᠷᠣᠨ ᠪᠦᠰᠡ ᠶᠢᠨ ᠤᠯᠠᠨ ᠲᠦᠮᠡᠨ ᠤ ᠲᠦᠷᠭᠡᠨ ᠠᠪᠤᠷᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠴᠢᠮ ᠠᠪᠤᠷᠠᠯᠲᠠ ᠶᠢᠨ ᠬᠤᠪᠢᠶᠠᠷᠢ ᠦᠷᠲᠡᠭᠡ ᠪᠠᠶᠢᠭᠤᠯᠬᠤ ᠲᠤᠬᠠᠶ ᠱᠠᠭᠠᠷᠳᠠᠯᠭ᠎ᠠ ᠶᠢ ᠦᠨᠳᠦᠰᠦᠯᠡᠪᠡᠯ᠂ ᠡᠨᠡ ᠵᠢᠯ ᠬᠤᠷᠴᠢᠨ ᠲᠣᠭᠤᠷᠢᠭ ᠲᠤ ᠳᠠᠬᠢᠨ ᠨᠢᠭᠡ ︽120︾ ᠲᠦᠷᠭᠡᠨ ᠠᠪᠤᠷᠠᠯᠲᠠ ᠶᠢᠨ ᠬᠤᠪᠢᠶᠠᠷᠢ ᠥᠷᠲᠡᠭᠡ ᠨᠡᠮᠡᠨ᠎ᠡ᠃ ᠡᠭᠦᠨ ᠤ ᠤᠯᠠᠮ ᠠᠴᠠ ᠣᠷᠣᠨ ᠪᠦᠰᠡ ᠶᠢᠨ ᠲᠦᠷᠭᠡᠨ ᠠᠪᠤᠷᠠᠯᠲᠠ ᠶᠢᠨ ᠷᠠᠳᠢᠦ᠋ᠰ ᠢ ᠪᠣᠭᠤᠨᠢᠰᠬᠠᠵᠤ᠂ ᠪᠦᠬᠦ ᠲᠤᠭᠤᠷᠢᠭ ᠤᠨ ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠲᠦᠷᠭᠡᠨ ᠠᠪᠤᠷᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ  ᠪᠤᠯᠭᠠᠨ᠎ᠠ᠃ ᠢᠩᠭᠢᠭᠡᠳ ᠬᠤᠷᠴᠢᠨ ᠲᠣᠭᠤᠷᠢᠭ ᠲᠤ ︽120︾ ᠲᠦᠷᠭᠡᠨ ᠠᠪᠤᠷᠠᠯᠲᠠ ᠶᠢᠨ ᠥᠷᠲᠡᠭᠡ 4 ᠪᠠᠶᠢᠵᠤ ᠂ ᠲᠣᠰ ᠲᠣᠰ ᠬᠤᠷᠴᠢᠨ ᠲᠣᠭᠤᠷᠢᠭ ᠤᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽120︾ ᠲᠦᠷᠭᠡᠨ ᠠᠪᠤᠷᠠᠯᠲᠠ ᠶᠢᠨ ᠲᠥᠪ᠂ ᠲᠦᠩᠯᠢᠶᠣᠤ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ ᠶᠢᠨ ︽120︾ ᠲᠦᠷᠭᠡᠨ ᠠᠪᠤᠷᠠᠯᠲᠠ ᠶᠢᠨ ᠲᠥᠪ᠂  ᠳᠠᠯᠠᠩ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ︽120︾ ᠲᠦᠷᠭᠡᠨ ᠠᠪᠤᠷᠠᠯᠲᠠ ᠶᠢᠨ ᠬᠤᠪᠢᠶᠠᠷᠢ ᠥᠷᠲᠡᠭᠡ᠂ ᠴᠢᠩ ᠾᠧ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ 120 ᠲᠦᠷᠭᠡᠨ ᠠᠪᠤᠷᠠᠯᠲᠠ ᠶᠢᠨ ᠬᠤᠪᠢᠶᠠᠷᠢ ᠦᠷᠲᠡᠭᠡ ᠶᠢ ᠰᠢᠨ᠎ᠡ ᠪᠠᠷ ᠨᠡᠮᠡᠭᠳᠡᠭᠦᠯᠦᠨ᠎ᠡ᠃ ᠣᠳᠣᠬᠠᠨ ᠳᠤ᠂ ᠰᠢᠨ᠎ᠡ ᠪᠠᠷ ᠨᠡᠮᠡᠭᠳᠡᠭᠰᠡᠨ ᠡᠮᠨᠡᠯᠭᠡ ᠶᠢᠨ ᠬᠤᠷᠢᠶᠠᠨ ᠤ ᠡᠮᠦᠨᠡᠬᠢ ᠲᠦᠷᠭᠡᠨ ᠠᠪᠤᠷᠠᠯᠲᠠ ᠶᠢᠨ ᠥᠷᠲᠡᠭᠡ ᠴᠢᠭ  ᠤᠨ ᠬᠥᠮᠦᠰ ᠢ ᠪᠣᠯᠪᠠᠰᠤᠷᠠᠭᠤᠯᠬᠤ ᠠᠵᠢᠯ ᠢ ᠨᠢᠭᠡᠨᠲᠡ ᠪᠡᠶᠡᠯᠡᠭᠦᠯᠵᠦ᠂ ᠶᠠᠭ ᠲᠡᠷᠭᠡ ᠬᠥᠰᠬᠡ ᠶᠢᠨ ᠬᠢᠨᠠᠨ ᠵᠦᠪᠰᠢᠶᠡᠷᠡᠯ  ᠵᠢᠴᠢ ᠬᠠᠮᠢᠶ᠎ᠠ ᠪᠥᠬᠦᠶ ᠲᠥᠬᠦᠭᠡᠷᠦᠮᠵᠢ ᠶᠢᠨ ᠲᠣᠬᠢᠷᠠᠭᠤᠯᠤᠯᠲᠠ ᠬᠢᠵᠦ ᠪᠠᠶᠢᠨ᠎ᠠ᠃    ᠬᠤᠷᠴᠢᠨ ᠲᠣᠭᠤᠷᠢᠭ ᠨᠢᠭᠡᠨᠲᠡ 3 ︽120︾ ᠲᠦᠷᠭᠡᠨ ᠠᠪᠤᠷᠠᠯᠲᠠ ᠶᠢᠨ ᠬᠤᠪᠢᠶᠠᠷᠢ ᠥᠷᠲᠡᠭᠡ ᠨᠢ ᠲᠦᠩᠯᠢᠶᠣᠤ ᠬᠤᠲᠠ ᠶᠢᠨ 120 ᠵᠢᠯᠣᠭᠤᠳᠬᠤ ᠲᠥᠪ ᠲᠠᠢ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠠᠪᠴᠠᠩ ᠪᠠᠶᠢᠭᠤᠯᠵᠠᠢ᠃ 2019 ᠣᠨ ᠠᠴᠠ ᠣᠲᠣ ᠪᠣᠯᠲᠠᠯ᠎ᠠ᠂ ᠬᠤᠷᠴᠢᠨ ᠲᠣᠭᠤᠷᠢᠭ ᠤᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠤ ᠬᠤᠲᠠ ᠶᠢᠨ ᠬᠢᠲᠠᠳ ᠡᠮᠨᠡᠯᠭᠡ  ᠶᠢᠨ ᠬᠤᠷᠢᠶ᠎ᠠ ᠶᠢᠨ ︽120︾ ᠵᠢᠯᠣᠭᠤᠳᠬᠤ ᠲᠥᠪ ᠨᠡᠶᠢᠲᠡ 6751 ᠲᠡᠷᠭᠡ ᠤᠳᠠᠭ᠎ᠠ᠂ 5385 ᠬᠥᠮᠦᠨ   ᠢ ᠭᠥᠯᠢᠶᠡᠨ ᠠᠪᠴᠤ ᠡᠮᠨᠡᠭᠦᠯᠪᠡ︔ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠵᠤ ᠡᠮ ᠡᠮᠨᠡᠯᠭᠡ  ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ 59 ᠤᠳᠠᠭ᠎ᠠ᠂ ᠡᠮᠨᠡᠯᠭᠡ ᠶᠢᠨ ᠠᠵᠢᠯᠲᠠᠨ ᠨᠡᠶᠢᠲᠡ 138 ᠬᠥᠮᠦᠨ ᠤᠳᠠᠭ᠎ᠠ ᠲᠣᠮᠢᠯᠠᠵᠤ᠂ 120 ᠲᠦᠷᠭᠡᠨ ᠠᠪᠤᠷᠠᠯᠲᠠ ᠶᠢᠨ ᠲᠡᠷᠭᠡ 43 ᠤᠳᠠᠭ᠎ᠠ ᠬᠥᠳᠡᠯᠭᠡᠪᠡ᠃  ᠳᠠᠯᠠᠩ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠨᠢ 2017 ᠤᠨ 5 ᠰᠠᠷ᠎ᠠ ᠳᠤ ᠥᠷᠲᠡᠭᠡ  ᠪᠠᠶᠢᠭᠤᠯᠤᠭᠰᠠᠨ ᠠᠴᠠ ᠨᠠᠰᠢ ᠨᠡᠶᠢᠲᠡ 772 ᠤᠳᠠᠭ᠎ᠠ ᠡᠪᠡᠳᠴᠢᠲᠡᠨ ᠢ  ᠬᠦᠯᠢᠶᠡᠨ ᠠᠪᠴᠠᠢ᠃ ᠬᠤᠲᠠ ᠬᠥᠳᠡᠭᠡ ᠶᠢᠨ ᠪᠠᠴᠢᠮ ᠠᠪᠤᠷᠠᠨ ᠲᠤᠰᠠᠯᠠᠬᠤ ᠬᠦᠴᠦᠨ ᠢ ᠨᠡᠮᠡᠭᠳᠡᠭᠦᠯᠵᠦ᠂ ᠣᠷᠣᠨ ᠪᠦᠰᠡ ᠶᠢᠨ ᠤᠯᠠᠨ ᠲᠦᠮᠡᠨ ᠤ ᠪᠠᠴᠢᠮ ᠠᠪᠤᠷᠠᠬᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠴᠢᠬᠤᠯᠠ ᠶᠡᠭᠡ ᠠᠵᠢᠯᠯᠠᠭ᠎ᠠ ᠳᠤ ᠡᠮ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠬᠠᠩᠭᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号