5 ᠰᠠᠷ᠎ᠠ ᠶᠢᠨ 22 ᠤᠨ ᠡᠳᠦᠷ᠂ ᠬᠤᠷᠴᠢᠨ ᠲᠣᠭᠤᠷᠢᠭ ᠤᠨ 2020 ᠣᠨ ᠤ ︽ᠢᠯᠡ ᠪᠠᠷ ᠰᠣᠷᠣᠭᠴᠢ ᠡᠯᠰᠡᠬᠦ | ︾ ᠠᠵᠢᠯ ᠤᠨ ᠶᠠᠷᠢᠯᠴᠠᠬᠤ ᠬᠤᠷᠠᠯ ᠡᠳ᠋ ᠤᠨ ᠵᠠᠰᠠᠭ ᠤᠨ ᠪᠣᠯᠪᠠᠰᠤᠷᠠᠭᠤᠯᠤᠯ ᠤᠨ ᠲᠥᠪ ᠤᠨ ᠨᠢᠭᠡᠳᠦᠭᠡᠷ | ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠬᠤᠷᠠᠯᠳᠤᠪᠠ᠃ ᠲᠤᠭᠤᠷᠢᠭ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠯᠢᠦ ᠰᠢᠶᠤᠤ ᠾᠦᠢ ᠬᠤᠷᠠᠯ ᠳᠤ ᠣᠷᠣᠯᠴᠠᠵᠤ᠂ ᠬᠤᠷᠠᠯ ᠢ ᠲᠤᠭᠤᠷᠢᠭ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠴᠧᠨ ᠬᠤᠩ ᠭᠤᠸᠠᠩ ᠡᠷᠭᠢᠯᠡᠪᠡ᠃ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠴᠢᠨ ᠯᠢᠩ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠰᠢᠩ ᠮᠢᠩ ᠦ᠋᠂ ᠭᠦᠸᠧ ᠸᠧᠶ ᠳ᠋ᠦᠩ᠂ ᠪᠠᠶ ᠸᠧᠨ ᠴᠧᠩ᠂ ᠸᠠᠩ ᠶᠢᠨ ᠫᠧᠩ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠠᠰᠤᠭ᠂ ᠵᠢᠭᠠᠨ ᠰᠤᠳᠤᠯᠬᠤ ᠲᠠᠰᠤᠭ᠂ | ᠴᠠᠬᠢᠯᠭᠠᠨ ᠬᠥᠮᠦᠵᠢᠯ ᠤᠨ ᠬᠡᠮᠵᠢᠭᠦᠷᠯᠢᠭ ᠤᠨ ᠲᠥᠪ ᠤᠨ ᠬᠠᠷᠢᠭᠤᠴᠠᠯᠭᠠᠲᠠᠨ ᠵᠢᠴᠢ ᠪᠥᠬᠦ ᠲᠤᠭᠤᠷᠢᠭ ᠤᠨ ᠡᠯ᠎ᠡ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ ᠨᠡᠶᠢᠲᠡ 70 ᠭᠠᠷᠤᠶ ᠬᠥᠮᠦᠨ | ᠬᠤᠷᠠᠯ ᠳᠤ ᠣᠷᠣᠯᠴᠠᠵᠠᠶ᠃ | ᠬᠤᠷᠠᠯ ᠠᠴᠠ ︽ᠬᠤᠷᠴᠢᠨ ᠲᠣᠭᠤᠷᠢᠭ ᠤᠨ 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠰᠤᠷᠭᠠᠭᠤᠯᠢ ᠳᠤ ᠣᠷᠣᠬᠤ ᠠᠵᠢᠯ ᠤᠨ ᠬᠡᠷᠡᠭᠵᠢᠭᠦᠯᠬᠦ ᠲᠥᠰᠦᠯ | ︵ᠶᠠᠷᠢᠯᠴᠠᠬᠤ ᠡᠬᠡ ᠨᠣᠤᠷᠠᠭ︶︾ ᠤᠨ ᠲᠤᠬᠠᠶ ᠲᠠᠶᠢᠯᠤᠮᠵᠢ ᠬᠢᠪᠠ᠃ ︽ᠲᠥᠰᠦᠯ ︵ᠶᠠᠷᠢᠯᠴᠠᠬᠤ ᠨᠣᠤᠷᠠᠭ︶︾ | ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠰᠣᠷᠣᠭᠴᠢ ᠡᠯᠰᠡᠬᠦ ᠲᠠᠰ ᠳᠠᠷᠠᠭᠠᠯᠠᠯ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢᠨ ᠲᠣᠭᠤᠷᠢᠨ ᠳᠤ ᠨᠠᠷᠢᠨ ᠲᠠᠶᠢᠯᠠᠪᠤᠷᠢᠯᠠᠯᠲᠠ ᠬᠢᠪᠠ᠃ ᠬᠤᠷᠠᠯ ᠳᠤ | ᠣᠷᠣᠯᠴᠠᠭᠰᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠭᠰᠠᠨ ᠪᠥᠭᠡᠳ ᠬᠡᠰᠡᠭ ᠵᠠᠰᠠᠪᠤᠷᠢ | ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ | ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠰᠢᠶᠣᠤ ᠾᠦᠢ ᠳ᠋ᠦᠩᠨᠡᠯᠲᠡ ᠳᠡᠭᠡᠨ ᠵᠢᠭᠠᠵᠤ | ᠭᠠᠷᠭᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯ ᠠᠷᠠᠳ ᠢᠷᠭᠡᠳ ᠤᠨ ᠬᠡᠪ ᠴᠢᠨᠠᠷ ᠢ | ᠳᠡᠭᠡᠭᠰᠢᠯᠡᠭᠦᠯᠬᠦ ᠶᠢᠨ ᠰᠠᠭᠤᠷᠢ ᠮᠥᠨ᠂ ᠨᠡᠶᠢᠭᠡᠮ ᠤᠨ ᠡᠷᠬᠡ ᠲᠡᠭᠰᠢ ᠶᠢ ᠪᠡᠶᠡᠯᠡᠭᠦᠯᠬᠦ ᠶᠢᠨ ᠡᠬᠢᠯᠡᠯᠲᠡ ᠮᠥᠨ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠢ ᠨᠡᠶᠢᠭᠡᠮ ᠨᠡᠶᠢᠲᠡ ᠪᠠᠷ ᠢᠶᠠᠨ ᠠᠩᠬᠠᠷᠴᠤ᠂ | ᠣᠯᠠᠨ ᠲᠦᠮᠡᠨ ᠠᠩᠬᠠᠷᠴᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠢᠯᠭᠠᠬᠤ ᠥᠬᠡᠶ ᠪᠠᠷ | ᠣᠶᠢᠷᠠᠯᠴᠠᠭ᠎ᠠ ᠰᠤᠷᠭᠠᠭᠤᠯᠢ ᠳᠤ ᠣᠷᠣᠬᠤ᠂ ᠬᠡᠰᠡᠭ ᠬᠤᠪᠢᠶᠠᠨ ᠰᠣᠷᠣᠭᠴᠢ ᠡᠯᠰᠡᠬᠦ︾ ᠲᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠪᠥᠬᠦ ᠬᠤᠲᠠ ᠶᠢᠨ ᠠᠷᠠᠳ ᠲᠦᠮᠡᠨ ᠳᠤ ᠢᠯᠡ ᠪᠠᠷ ᠠᠮᠠᠯᠠᠭᠰᠠᠨ ᠠᠷᠠᠳ ᠤᠨ ᠠᠮᠢᠳᠤᠷᠠᠯ ᠤᠨ | ᠠᠷᠪᠠᠨ ᠶᠡᠭᠡ ᠪᠣᠳᠠᠲᠤ ᠶᠠᠪᠤᠳᠠᠯ ᠤᠨ ᠨᠢᠭᠡ ᠪᠣᠯᠤᠨ᠎ᠠ᠂ ᠬᠤᠷᠴᠢᠨ ᠲᠣᠭᠤᠷᠢᠭ ᠨᠢ ᠭᠤᠤᠯ ᠬᠤᠲᠠ ᠶᠢᠨ ᠲᠣᠭᠤᠷᠢᠭ | ᠪᠣᠯᠤᠭᠰᠠᠨ ᠤ ᠬᠤᠪᠢ ᠳᠤ ᠡᠷᠬᠡᠪᠰᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ | ᠲᠡᠤᠬᠡᠨ ᠡᠭᠦᠷᠭᠡᠲᠦ ᠰᠡᠳᠬᠢᠯᠭᠡ ᠪᠠᠷ ︽ᠢᠯᠡ ᠪᠠᠷ ᠰᠣᠷᠣᠭᠴᠢ ᠡᠯᠰᠡᠬᠦ︾ ᠡᠯ᠎ᠡ ᠵᠦᠢᠯ ᠤᠨ ᠡᠭᠦᠷᠭᠡ ᠶᠢ ᠰᠠᠶᠢᠲᠤᠷ | ᠬᠢᠬᠦ ᠬᠡᠷᠡᠭᠲᠡᠶ᠃ | ᠯᠢᠦ ᠰᠢᠶᠣᠤ ᠾᠦᠢ ᠴᠢᠬᠤᠯᠠᠴᠢᠯᠠᠭᠰᠠᠨ ᠨᠢ᠂ ᠰᠤᠷᠤᠭᠴᠢ ᠡᠯᠰᠡᠬᠦ ᠥᠭᠡᠷᠡᠴᠢᠯᠡᠯᠲᠡ ᠨᠢ ᠲᠦᠭ ᠲᠦᠮᠡᠨ ᠭᠡᠷ | ᠪᠦᠯᠢ ᠶᠢᠨ ᠲᠣᠰ ᠪᠡᠶ᠎ᠡ ᠶᠢᠨ ᠠᠰᠢᠭ ᠲᠤᠰᠠ ᠵᠢᠴᠢ ᠰᠤᠷᠤᠭᠴᠢᠳ ᠤᠨ ᠰᠤᠷᠭᠠᠨ ᠬᠥᠮᠦᠵᠢᠯ ᠤᠨ ᠬᠥᠭᠵᠢᠯᠲᠡ ᠳᠤ | ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠡᠭᠡᠳᠦ ᠬᠡᠮᠵᠢᠶ᠎ᠡ ᠪᠠᠷ ᠠᠩᠬᠠᠷᠴᠤ᠂ ᠥᠭᠡᠷᠡᠴᠢᠯᠡᠯᠲᠡ ᠶᠢ | ᠤᠷᠤᠭᠰᠢ ᠠᠬᠢᠭᠤᠯᠤᠭᠰᠠᠨ ᠠᠯᠬᠤᠮ ᠪᠦᠷᠢ ᠨᠢ ᠴᠥᠮ ᠲᠦᠮᠡᠨ ᠤᠯᠠᠨ ᠤ ᠠᠩᠬᠠᠷᠤᠯ ᠢ ᠲᠠᠲᠠᠪᠠ᠃ ᠬᠤᠷᠴᠢᠨ | ᠲᠣᠭᠤᠷᠢᠭ ᠤᠷᠢᠳᠴᠢᠯᠠᠨ ᠲᠥᠯᠥᠪᠯᠡᠵᠦ᠂ ᠤᠷᠢᠳᠴᠢᠯᠠᠨ ᠪᠠᠶᠢᠷᠢᠯᠠᠭᠤᠯᠵᠤ᠂ ᠬᠥᠮᠦᠰ ᠢ ᠵᠣᠬᠢᠶᠠᠨ ᠪᠠᠶᠢᠭᠤᠯᠤᠨ | ᠲᠤᠭᠤᠷᠢᠭ ᠤᠨ ᠭᠠᠳᠠᠨᠠᠬᠢ ᠲᠤᠷᠰᠢᠯᠭ᠎ᠠ ᠶᠢ ᠰᠤᠷᠤᠯᠴᠠᠨ ᠰᠤᠳᠤᠯᠵᠤ᠂ ᠲᠤᠰ ᠣᠷᠣᠨ ᠤ ᠪᠣᠳᠠᠲᠤ ᠪᠠᠢᠳᠠᠯ ᠲᠠᠢ | ᠤᠶᠠᠯᠳᠤᠭᠤᠯᠤᠨ᠂ ︽ᠬᠤᠷᠴᠢᠨ ᠲᠣᠭᠤᠷᠢᠭ ᠤᠨ 2020 ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠤᠨ ᠬᠡᠷᠡᠭᠵᠢᠭᠦᠯᠬᠦ | ᠲᠥᠰᠦᠯ ︵ᠶᠠᠷᠢᠯᠴᠠᠬᠤ ᠨᠣᠣᠷᠠᠭ︶︾ ᠢ ᠲᠤᠭᠤᠷᠪᠢᠵᠤ᠂ ᠨᠢᠭᠡ ᠡᠳᠦᠷ ᠤᠨ ᠴᠠᠭ ᠢ ᠠᠰᠢᠭᠯᠠ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠶᠢᠨ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠬᠤᠷᠢᠶᠠᠵᠤ᠂ ᠵᠣᠷᠢᠯᠭ᠎ᠠ ᠨᠢ ᠲᠥᠰᠦᠯ ᠢ ᠵᠢᠩᠬᠢᠨᠢ ᠪᠠᠷ ᠨᠡᠶᠢᠲᠡᠯᠡᠭᠰᠡᠨ ᠤ ᠳᠠᠷᠠᠭ᠎ᠠ᠂ ᠰᠣᠷᠣᠭᠴᠢ ᠡᠯᠰᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠵᠢᠯᠣᠭᠤᠳᠴᠤ᠂ ᠡᠨᠡ ᠵᠢᠯ ᠤᠨ ᠰᠣᠷᠣᠭᠴᠢ ᠡᠯᠰᠡᠬᠦ ᠠᠵᠢᠯ ᠤᠨ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠲᠤᠭᠤᠷᠢᠭ ᠤᠨ ᠠᠷᠠᠳ | ᠲᠦᠮᠡᠨ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠵᠤ ᠥᠭᠭᠦᠨ᠎ᠡ᠃ | ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠴᠢᠨ ᠯᠢᠩ | ᠶᠠᠷᠢᠶ᠎ᠠ ᠲᠠᠯᠪᠢᠬᠤ ᠳᠠᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠢ ᠰᠠᠶᠢᠲᠤᠷ | ᠬᠢᠬᠦ ᠪᠣᠯ ᠨᠠᠮ ᠪᠠ ᠤᠯᠤᠰ ᠤᠨ ᠱᠠᠭᠠᠷᠳᠠᠯᠭ᠎ᠠ ᠮᠥᠨ᠂ ᠨᠡᠶᠢᠭᠡᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠮᠥᠨ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠵᠠᠪᠠᠯ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠬᠦ ᠣᠪᠣᠷ ᠠᠪᠴᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠨᠢ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠰᠡᠳᠭᠢᠯ ᠪᠠ ᠭᠡᠷ ᠤᠨ ᠠᠬᠠᠮᠠᠳ ᠤᠨ ᠬᠦᠰᠡᠯ ᠱᠠᠭᠠᠷᠳᠠᠯᠭ᠎ᠠ ᠳᠤ ᠢᠳᠡᠪᠬᠢᠲᠡᠢ | ᠬᠠᠷᠢᠭᠤᠯᠲᠠ ᠥᠭᠴᠦ᠂ ᠥᠩᠭᠡᠷᠡᠭᠰᠡᠨ ᠤ ᠰᠤᠷᠤᠭᠴᠢ ᠡᠯᠰᠡᠬᠦ ᠠᠵᠢᠯ ᠳᠠᠬᠢ ᠠᠷᠬᠠᠭ ᠭᠡᠮ ᠢ ᠪᠦᠬᠦ | ᠬᠦᠴᠦᠨ ᠢᠶᠠᠷ ᠢᠶᠠᠨ ᠰᠢᠢᠳᠪᠦᠷᠢᠯᠡᠵᠦ᠂ ᠲᠣᠭᠲᠠᠭᠤᠨ ᠢᠶᠠᠷ ᠠᠬᠢᠭᠤᠯᠵᠤ᠂ ᠬᠤᠷᠴᠢᠨ ᠲᠣᠭᠤᠷᠢᠭ ᠤᠨ 2020 ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠠᠵᠢᠯ ᠢ ᠢᠯᠡ | ᠲᠣᠳᠣ ᠪᠣᠯᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ | ᠡᠷᠬᠢᠯᠡᠬᠦ ᠪᠤᠯᠭᠠᠨ᠎ᠠ ᠭᠡᠪᠡ᠃ | | | | | | |