5 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ 2020 ᠣᠨ ᠤ ᠵᠠᠭᠤᠨ ᠡᠳᠦᠷ ᠤᠨ ᠮᠢᠩᠭᠠᠨ | ᠲᠦᠮᠡᠨ ᠰᠦᠯᠵᠢᠶᠡᠨ ᠤ ᠠᠵᠢᠯᠲᠠᠨ ᠡᠯᠰᠡᠬᠦ ᠰᠢᠷᠢᠰ ᠠᠵᠢᠯᠯᠠᠭ᠎ᠠ ᠶᠢᠨ ︽ᠠᠵᠢᠯ ᠣᠯᠭᠤᠯᠲᠠ ᠪᠠᠷ ᠶᠠᠳᠠᠭᠤ ᠶᠢ | ᠲᠡᠳᠬᠦᠬᠦ ᠳᠤ ᠲᠠᠨ ᠤ ᠢᠷᠡᠬᠦ ᠶᠢ ᠴᠢᠨᠢ ᠬᠦᠯᠢᠶᠡᠵᠦ ᠪᠠᠶᠢᠨ᠎ᠠ︾ ᠭᠡᠬᠦ ᠲᠤᠬᠠᠢ ᠶᠢᠨ ᠲᠠᠯᠠᠪᠠᠶ ᠶᠢᠨ ᠠᠵᠢᠯᠲᠠᠨ | ᠡᠯᠰᠡᠬᠦ ᠬᠤᠷᠠᠯ ᠬᠤᠷᠴᠢᠨ ᠲᠣᠭᠤᠷᠢᠭ ᠤᠨ ᠣᠷᠪᠣᠭ ᠪᠠᠯᠭᠠᠰᠤᠨ ᠤ ᠵᠡᠭᠦᠨ ᠨᠠᠢᠮᠠᠳᠠᠢ ᠲᠣᠰᠬᠤᠨ ᠳᠤ ᠶᠠᠪᠤᠭᠳᠠᠪᠠ᠃ | ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠢ ᠬᠤᠲᠠ ᠲᠣᠭᠤᠷᠢᠭ ᠤᠨ ᠬᠤᠶᠠᠷ ᠱᠠᠲᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠣᠷᠪᠣᠭ ᠪᠠᠯᠭᠠᠰᠤᠨ ᠤ ᠵᠠᠰᠠᠭ ᠤᠨ | ᠣᠷᠳᠣᠨ ᠠᠴᠠ ᠭᠤᠣᠯᠯᠠᠨ ᠡᠷᠬᠢᠯᠡᠵᠦ᠂ ᠬᠤᠲᠠ ᠲᠣᠭᠤᠷᠢᠭ ᠤᠨ ᠬᠤᠶᠠᠷ ᠱᠠᠲᠤᠨ ᠤ ᠠᠵᠢᠯ ᠣᠯᠭᠤᠯᠲᠠ ᠬᠢᠭᠡᠳ | ᠴᠢᠳᠠᠪᠤᠷᠢᠲᠠᠨ ᠤ ᠦᠢᠯᠡᠴᠢᠯᠡᠭᠡᠨ ᠤ ᠲᠥᠪ ᠪᠤᠯᠤᠨ ᠬᠤᠷᠴᠢᠨ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠬᠠᠮᠵᠢᠯᠴᠠᠨ ᠡᠷᠬᠢᠯᠡᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠮᠡᠳᠡᠭᠡ ᠵᠠᠩᠭᠢ ᠨᠢ ᠪᠠᠰᠠ ᠬᠤᠷᠴᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠤᠨ ᠡᠭᠦᠯᠡᠨ ᠦᠢᠯᠡᠴᠢᠯᠡᠭᠡᠨ ᠤ ᠲᠠᠪᠴᠠᠩ ︽ | zph.nmqrc.com︾ ᠵᠡᠷᠭᠡ ᠣᠯᠠᠨ ᠨᠡᠶᠢᠲᠡ ᠶᠢᠨ ᠲᠠᠪᠴᠠᠩ ᠢ ᠨᠡᠶᠢᠲᠡᠯᠡᠪᠡ᠃ | ᠲᠣᠰ ᠤᠳᠠᠭᠠᠨ ᠤ ᠤᠷᠢᠵᠤ ᠡᠯᠰᠡᠬᠦ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠨᠢ ᠮᠧᠶ ᠬᠤᠸᠠ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠢᠳᠤᠷᠢᠶ᠎ᠠ᠂ ᠡᠬᠡ ᠨᠢᠯᠬᠠᠰ ᠤᠨ | ᠲᠠᠩᠬᠢᠮ ᠤᠨ ᠬᠡᠷ ᠤᠨ ᠶᠠᠪᠤᠳᠠᠯ ᠵᠡᠷᠭᠡ 36 ᠡᠷᠦᠬᠡ ᠪᠠᠶᠢᠵᠤ᠂ ᠡᠯ᠎ᠡ ᠲᠥᠷᠥᠯ ᠤᠨ ᠠᠵᠢᠯ ᠡᠷᠢᠭᠰᠡᠳ ᠲᠤ ᠭᠡᠷ ᠤᠨ | ᠶᠠᠪᠤᠳᠠᠯ᠂ ᠰᠤᠪᠢᠯᠠᠯᠲᠠ᠂ ᠲᠡᠵᠢᠭᠡᠨ ᠦᠷᠡᠵᠢᠭᠦᠯᠬᠦ᠂ ᠨᠠᠷᠢᠨ ᠪᠢᠴᠢᠭ ᠤᠨ ᠠᠵᠢᠯᠲᠠᠨ᠂ ᠴᠠᠬᠢᠯᠭᠠᠨ ᠤ ᠠᠵᠢᠯᠴᠢᠨ᠂ | ᠪᠣᠷᠣᠯᠠᠭᠤᠯᠭ᠎ᠠ᠂ ᠦᠢᠯᠡᠳᠪᠦᠷᠢ ᠶᠢᠨ ᠲᠠᠰᠤᠭ ᠤᠨ ᠠᠵᠢᠯᠴᠢᠨ ᠵᠡᠷᠭᠡ ᠠᠳᠠᠯᠢ ᠪᠤᠰᠤ ᠬᠦᠷᠢᠶ᠎ᠡ ᠴᠠᠷᠠᠭ᠎ᠠ ᠳᠤ ᠨᠡᠶᠢᠲᠡ | 4011 ᠠᠵᠢᠯ ᠤᠨ ᠪᠠᠶᠢᠷᠢ ᠬᠠᠩᠭᠠᠪᠠ᠃ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠢ ᠳᠤ 620 | ᠭᠠᠷᠤᠶ ᠬᠤᠪᠢ ᠲᠥᠷᠥ ᠶᠢᠨ ᠪᠣᠳᠣᠯᠭ᠎ᠠ ᠤᠬᠠᠭᠤᠯᠭ ᠠ ᠶᠢᠨ ᠮᠠᠲ᠋ᠧᠷᠢᠶᠠᠯ ᠲᠠᠷᠬᠠᠭᠠᠵᠤ᠂ 295 ᠬᠥᠮᠦᠨ | ᠲᠠᠯᠠᠪᠠᠢ ᠳᠤ ᠣᠷᠣᠵᠤ ᠠᠵᠢᠯ ᠡᠷᠢᠵᠦ ᠪᠠᠶᠢᠭ᠎ᠠ ᠣᠯᠠᠨ ᠲᠦᠮᠡᠨ ᠤ ᠠᠩᠬᠠᠷᠤᠤᠯ ᠢ ᠲᠠᠲᠠᠵᠤ᠂ 18 ᠬᠥᠮᠦᠨ ᠳᠤ | ᠠᠩᠬ᠎ᠠ ᠠᠯᠬᠤᠮ ᠤᠨ ᠠᠵᠢᠯ ᠣᠯᠭᠤᠬᠤ ᠰᠠᠨᠠᠮᠵᠢ ᠲᠠᠢ ᠪᠣᠯᠵᠤ᠂ ᠨᠠᠩ ᠣᠯᠠᠨ ᠠᠵᠢᠯ ᠡᠷᠢᠭᠰᠡᠳ ᠬᠤᠷᠠᠯ ᠤᠨ | ᠳᠠᠷᠠᠭ᠎ᠠ ᠠᠵᠢᠯᠴᠢᠨ ᠬᠡᠷᠡᠭᠯᠡᠬᠦ ᠨᠢᠭᠡᠴᠢ ᠲᠠᠢ ᠤᠯᠠᠮ ᠨᠢᠭᠡ ᠠᠯᠬᠤᠮ ᠤᠶᠢᠯᠠᠭᠠᠯᠴᠠᠬᠤ ᠶᠢ ᠬᠦᠰᠡᠵᠦ ᠪᠠᠶᠢᠨ᠎ᠠ᠃ ᠡᠨᠡ | ᠤᠳᠠᠭᠠᠨ ᠤ ᠠᠵᠢᠯᠲᠠᠨ ᠡᠯᠰᠡᠬᠦ ᠬᠤᠷᠠᠯ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ | ᠢᠯᠠᠩᠭᠤᠶ᠎ᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠦᠴᠦᠨ ᠪᠠ ᠬᠤᠲᠠ | ᠪᠠᠯᠭᠠᠰᠤᠨ ᠤ ᠠᠵᠢᠯ ᠣᠯᠬᠤ ᠳᠤ ᠬᠦᠴᠢᠷᠲᠡᠶ ᠬᠥᠮᠦᠰ ᠤᠨ ᠠᠵᠢᠯ ᠣᠯᠬᠤ ᠠᠷᠭ᠎ᠠ ᠵᠠᠮ ᠢ ᠲᠤᠶᠢᠯ ᠤᠨ ᠶᠡᠭᠡ ᠪᠠᠷ | ᠥᠷᠭᠡᠳᠬᠡᠵᠦ᠂ ᠥᠷᠭᠡᠨ ᠣᠯᠠᠨ ᠠᠵᠢᠯ ᠡᠷᠢᠭᠰᠡᠳ ᠤᠨ ᠤᠷᠤᠭᠰᠢᠲᠠᠶ ᠠᠵᠢᠯ ᠣᠯᠬᠤ ᠳᠤ ᠬᠦᠴᠦᠲᠡᠶ ᠪᠠᠲᠤᠯᠠᠭ᠎ᠠ | ᠬᠠᠩᠭᠠᠭᠰᠠᠨ ᠪᠠᠶᠢᠨ᠎ᠠ᠃ | |