ᠮᠤᠷᠤᠶᠢᠨ ᠰᠦᠮ᠎ᠡ ᠰᠤᠮᠤ ᠶᠢᠨ ︽ᠳᠦᠷᠪᠡ ᠶᠢ ᠴᠢᠩᠭᠠᠳᠬᠠᠬᠤ︾ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2020-06-11
 ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠤᠷᠤᠶᠢᠨ ᠰᠦᠮ᠎ᠡ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠡᠷᠲᠡ ᠲᠥᠯᠥᠪᠵᠢᠭᠦᠯᠵᠦ᠂ ᠡᠷᠲᠡ ᠳᠠᠶᠢᠴᠢᠯᠠᠵᠤ᠂ ᠡᠷᠲᠡ ᠪᠠᠶᠢᠷᠢᠯᠠᠭᠤᠯᠵᠤ᠂ ᠪᠣᠳᠠᠲᠤ ᠪᠠᠢᠳᠠᠯ ᠳᠤ ᠰᠠᠭᠤᠷᠢᠯᠠᠵᠤ᠂ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠭᠠᠷᠭᠠᠵᠤ᠂ ︽ᠳᠥᠷᠪᠡ ᠶᠢ ᠴᠢᠩᠭᠠᠳᠬᠠᠬᠤ︾ ᠪᠠᠷ ᠬᠦᠴᠦᠯᠡᠬᠦ ᠴᠡᠭ ᠪᠣᠯᠭᠠᠵᠤ᠂ ᠬᠠᠪᠤᠷ ᠤᠨ ᠤᠯᠠᠷᠢᠯ ᠤᠨ ᠣᠶᠢᠵᠢᠭᠤᠯᠬᠤ ᠠᠰᠢᠭᠲᠠᠢ ᠴᠠᠭ ᠲᠣᠬᠢᠶᠠᠯ ᠢ ᠵᠠᠪᠳᠤᠨ ᠠᠳᠬᠤᠵᠤ᠂  ᠤᠶᠢᠵᠢᠭᠤᠯᠤᠨ ᠨᠣᠭᠤᠭᠠᠷᠠᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠢᠯ ᠤᠨ ᠡᠬᠢᠨ ᠠᠴᠠ ᠨᠠᠰᠢ᠂ ᠮᠤᠷᠤᠶᠢᠨ ᠰᠦᠮ᠎ᠡ ᠰᠤᠮᠤ ᠨᠢᠭᠡᠨᠲᠡ ᠬᠠᠷᠢᠶᠠᠲᠤ ᠣᠷᠣᠨ ᠤ 2018᠂ 2019᠂ 2020 ᠤᠨ ᠤ ᠪᠣᠶ ᠪᠥᠬᠦᠶ ᠬᠡ ᠤᠭᠠᠯᠵᠠ ᠲᠠᠢ ᠭᠠᠵᠠᠷ ᠢ ᠣᠶᠢᠵᠢᠭᠤᠯᠵᠤ ᠳᠠᠭᠤᠰᠬᠠᠪᠠ︔ 1500 ᠮᠥ ᠣᠶ ᠰᠢᠭᠤᠶ ᠨᠥᠬᠦᠵᠦ ᠵᠠᠶᠢᠯᠠᠬᠤ ᠶᠢ ᠪᠡᠶᠡᠯᠡᠭᠦᠯᠪᠡ︔ ᠣᠷᠭᠤᠭ᠎ᠠ ᠮᠣᠳᠣ ᠥᠬᠡᠶ ᠭᠠᠵᠠᠷ ᠢ 8500 ᠮᠥ ᠨᠥᠬᠦᠵᠦ ᠳᠠᠷᠢᠬᠤ ᠶᠢ ᠪᠡᠶᠡᠯᠡᠭᠦᠯᠵᠦ᠂ ᠡᠭᠦᠨ ᠳᠤ ᠳᠤᠮᠳᠠ ᠧᠦ᠋ᠷᠣᠫᠠ ᠲᠢᠪ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠪᠠᠩᠬᠢ ᠶᠢᠨ 4500 ᠮᠥ ᠣᠶᠢᠵᠢᠭᠤᠯᠪᠠ᠃    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠤᠷᠤᠶᠢᠨ ᠰᠦᠮ᠎ᠡ ᠰᠤᠮᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠰᠤᠮᠤᠨ ᠳᠠᠷᠤᠭ᠎ᠠ ᠪᠠᠷ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠠᠪᠤᠷ ᠤᠨ ᠤᠯᠠᠷᠢᠯ ᠤᠨ ᠤᠶᠢᠵᠢᠭᠤᠯᠤᠯᠲᠠ ᠨᠣᠭᠤᠭᠠᠷᠠᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠠᠶ᠃ ᠰᠤᠮᠤ ᠶᠢᠨ ᠣᠢ ᠰᠢᠭᠤᠶ ᠶᠢᠨ ᠥᠷᠲᠡᠭᠡ ᠵᠢᠴᠢ ᠡᠯ᠎ᠡ ᠭᠠᠴᠠᠭ᠎ᠠ ᠲᠣᠰᠬᠤᠨ ᠤ ᠱᠦᠵᠢ ᠪᠠᠷ ᠪᠦᠷᠢᠯᠳᠦᠬᠦᠨ ᠪᠣᠯᠭᠠᠭᠰᠠᠨ  ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠲᠣᠭᠤᠷᠢᠨ ᠪᠠᠶᠢᠴᠠᠭᠠᠬᠤ ᠲᠤᠰᠬᠠᠶ ᠠᠩᠭᠢ᠂ ᠬᠠᠷᠢᠶ᠎ᠠ ᠣᠷᠣᠨ ᠤ ᠳᠣᠲᠣᠷᠠᠬᠢ  ᠤᠶᠢᠵᠢᠭᠤᠯᠤᠨ ᠨᠣᠭᠤᠭᠠᠷᠠᠭᠤᠯᠬᠤ ᠠᠵᠢᠯ ᠢ ᠬᠠᠷᠢᠭᠤᠴᠠᠨ ᠰᠠᠶᠢᠲᠤᠷ ᠠᠳᠬᠤᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ  ᠲᠤᠳᠤᠷᠬᠠᠶᠢᠯᠠᠭᠰᠠᠨ  ᠶᠤᠮ᠃ ᠡᠭᠦᠨ ᠤ ᠳᠤ ᠬᠠᠮᠲᠤ᠂ ᠰᠤᠮᠤᠨ ᠤ ᠵᠠᠰᠠᠭ ᠤᠨ ᠣᠷᠳᠣᠨ ᠬᠠᠮᠢᠶ᠎ᠠ ᠪᠦᠬᠦᠢ ᠭᠠᠴᠠᠭ᠎ᠠ ᠲᠣᠰᠬᠤᠨ᠂ ᠡᠯ᠎ᠡ ᠰᠠᠯᠠᠭ᠎ᠠ  ᠮᠦᠴᠢᠷ ᠲᠠᠢ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠨᠣᠭᠤᠭᠠᠷᠠᠭᠤᠯᠵᠤ ᠣᠶᠢᠵᠢᠭᠤᠯᠬᠤ ᠠᠵᠢᠯ ᠢ ᠵᠢᠯ ᠤᠨ ᠡᠴᠦᠰ ᠤᠨ ᠬᠢᠨᠠᠨ ᠰᠢᠯᠭᠠᠯᠲᠠ ᠲᠠᠢ ᠬᠤᠯᠪᠣᠭᠳᠠᠭᠤᠯᠵᠤ᠂ ᠤᠶᠢᠵᠢᠭᠤᠯᠤᠨ ᠨᠣᠭᠤᠭᠠᠷᠠᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠦᠨᠡᠨᠬᠦ ᠴᠢᠩᠭᠠᠳᠬᠠᠪᠠ᠃    ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠢ ᠰᠢᠭᠤᠶ ᠶᠢᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ ᠪᠦᠲᠦᠮᠵᠢᠲᠡᠶ ᠪᠠᠲᠤᠯᠠᠨ᠎ᠠ᠃ ᠭᠤᠷᠪᠠᠨ ᠬᠤᠪᠢ ᠨᠢ  ᠤᠶᠢᠵᠢᠭᠤᠯᠵᠤ᠂ ᠲᠤᠯᠤᠭᠠᠨ ᠬᠤᠪᠢ ᠨᠢ ᠬᠠᠮᠢᠶᠠᠷᠤᠨ᠎ᠠ᠃ ᠣᠶᠢᠵᠢᠭᠤᠯᠵᠤ ᠨᠣᠭᠤᠭᠠᠷᠠᠭᠤᠯᠬᠤ ᠪᠠᠨ ᠴᠢᠩᠭᠠᠳᠬᠠᠬᠤ ᠶᠢᠨ ᠬᠠᠮᠲᠤ᠂ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠨᠡᠩ ᠣᠯᠠᠨ ᠣᠶᠤᠨ ᠴᠢᠳᠠᠯ ᠢᠶᠠᠨ  ᠮᠣᠳᠣ ᠶᠢ ᠬᠠᠮᠠᠭᠠᠯᠠᠬᠤ ᠳᠡᠭᠡᠷ᠎ᠡ ᠵᠠᠷᠤᠴᠠᠭᠤᠯᠬᠤ ᠶᠢ ᠪᠠᠷᠢᠮᠲᠠᠯᠠᠨ᠂ ︽ᠣᠶ ᠮᠣᠳᠣ ᠲᠠᠷᠢᠬᠤ ᠳᠤ ᠰᠦᠷ ᠵᠢᠪᠬᠤᠯᠠᠩᠲᠠᠶ᠂ ᠬᠠᠮᠢᠶᠠᠷᠬᠤ ᠳᠤ ᠢᠯᠢᠮ ᠵᠢᠯᠢᠮ ᠦᠭᠡᠶ ᠪᠠᠶᠢᠬᠤ ᠶᠢ ᠴᠢᠩᠭ᠎ᠠ ᠴᠠᠭᠠᠵᠠᠯᠠᠨ᠎ᠠ︾᠃ ᠨᠢᠭᠡ ᠰᠠᠭᠤᠷᠢ ᠲᠠᠷᠢᠪᠠᠯ ᠨᠢᠭᠡ ᠰᠠᠭᠤᠷᠢ ᠡᠳᠡᠭᠡᠷᠡᠭᠦᠯᠵᠦ᠂ ᠨᠢᠭᠡ ᠬᠡᠰᠡᠭ ᠲᠠᠷᠢᠪᠠᠯ ᠨᠢᠭᠡ ᠬᠡᠰᠡᠭ   ᠢ ᠠᠮᠢᠯᠠᠭᠤᠯᠬᠤ ᠶᠢ ᠦᠨᠡᠨ ᠬᠦ ᠪᠠᠲᠤᠯᠠᠵᠤ᠂ ᠣᠶᠢᠵᠢᠭᠤᠯᠵᠤ ᠨᠣᠭᠤᠭᠠᠷᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠶᠢ  ᠴᠢᠬᠤᠯᠠᠴᠢᠯᠠᠨ᠂ ᠣᠢ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠠᠯ  ᠰᠡᠷᠭᠡᠶᠢᠯᠡᠬᠦ ᠤᠬᠠᠭᠤᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠶ᠃ ᠬᠡᠭᠡᠷ᠎ᠡ ᠭᠠᠳᠠᠨ᠎ᠠ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ︔ ᠡᠭᠦᠨ ᠤ ᠳᠤ ᠬᠠᠮᠲᠤ᠂ ᠣᠢ ᠰᠢᠭᠤᠶ ᠶᠢᠨ ᠭᠠᠯ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠦᠨᠳᠦᠰᠦᠨ ᠱᠠᠲᠤᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠵᠡᠷᠭᠡ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠢ ᠲᠠᠢ ᠭᠠᠵᠠᠷ ᠤᠨ ᠭᠠᠯ ᠲᠦᠢᠮᠡᠷ ᠢ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠢ ᠰᠢᠭᠤᠶ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠤᠨ᠎ᠠ᠃ ︽ᠨᠠᠮ ᠵᠠᠰᠠᠭ ᠤᠨ ᠭᠤᠣᠯ ᠤᠳᠤᠷᠢᠳᠤᠮᠵᠢ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠡᠶᠢᠭᠡᠮ ᠨᠡᠶᠢᠲᠡ ᠪᠠᠷ ᠢᠶᠠᠨ ᠳᠠᠶᠢᠴᠢᠯᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠠᠯᠪᠠᠨ ᠵᠢᠷᠤᠮ ᠤᠨ ᠮᠣᠳᠣ ᠲᠠᠷᠢᠬᠤ ᠶᠢᠨ ᠬᠠᠤᠯᠢ ᠪᠠᠷ ᠲᠣᠭᠲᠠᠭᠠᠭᠰᠠᠨ ᠴᠢᠨᠠᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷ ᠢ ᠶᠡᠭᠡ ᠪᠠᠷ ᠤᠬᠠᠭᠤᠯᠵᠤ᠂ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠢᠳᠡᠪᠬᠢᠲᠡᠶ ᠤᠯᠠᠮᠵᠢᠯᠠᠨ ᠳᠡᠯᠭᠡᠷᠡᠭᠦᠯᠵᠦ᠂ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠡᠭᠦᠳᠬᠦ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ ᠤᠢ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠎ᠠ᠃ ︽ᠣᠢ ᠰᠢᠭᠤᠶ ᠶᠢᠨ ᠬᠠᠤᠯᠢ︾ ᠪᠣᠯᠤᠨ ᠣᠢ ᠰᠢᠭᠤᠶ ᠶᠢᠨ ᠭᠠᠵᠠᠷ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠢ  ᠴᠢᠩᠭ᠎ᠠ  ᠨᠠᠶᠢᠳᠠᠪᠤᠷᠢᠵᠢᠭᠤᠯᠵᠤ᠂ ᠳᠤᠷ᠎ᠠ ᠪᠠᠷ ᠢᠶᠠᠨ ᠣᠭᠲᠣᠯᠬᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ᠂ ᠣᠶᠢᠲᠤ ᠭᠠᠵᠠᠷ ᠢ ᠬᠠᠤᠯᠢ ᠪᠤᠰᠤ ᠪᠠᠷ ᠲᠠᠲᠠᠪᠤᠷᠢᠯᠠᠨ ᠡᠵᠡᠯᠡᠬᠦ ᠵᠡᠷᠭᠡ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ  ᠦᠷᠨᠢᠭᠦᠯᠪᠡ᠃ ᠣᠶ ᠲᠠᠢ ᠭᠠᠵᠠᠷ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠥᠪᠰᠢᠶᠡᠷᠡᠯ ᠦᠭᠡᠶ ᠪᠠᠷ ᠤᠷᠢᠳᠠᠪᠠᠷ ᠡᠵᠡᠯᠡᠬᠦ᠂ ᠲᠡᠭᠦᠨ ᠤ ᠨᠡᠷ᠎ᠡ ᠪᠠᠷ ᠢᠶᠠᠨ ᠬᠠᠤᠯᠢ ᠪᠤᠰᠤ ᠪᠠᠷ ᠡᠵᠡᠯᠡᠨ ᠬᠡᠷᠡᠭᠯᠡᠬᠦ  ᠪᠤᠯᠤᠨ ᠳᠤᠷ᠎ᠠ ᠪᠠᠷ ᠢᠶᠠᠨ ᠣᠶ ᠲᠠᠢ ᠭᠠᠵᠠᠷ ᠤᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠡᠭᠦᠰᠬᠦ ᠶᠢ ᠴᠢᠩᠭ᠎ᠠ ᠴᠠᠭᠠᠵᠠᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号