6 ᠰᠠᠷ᠎ᠠ ᠶᠢᠨ 9 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠵᠡᠷᠭᠡ ᠨᠢᠭᠡᠴᠡ ᠬᠠᠮᠲᠤᠷᠠᠨ | ᠬᠤᠷᠴᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠢ ᠤᠷᠢᠨ | ᠲᠣᠮᠢᠯᠠᠬᠤ ᠶᠣᠰᠣᠯᠠᠯ ᠶᠠᠪᠤᠭᠤᠯᠵᠤ᠂ ᠵᠢᠶᠠ ᠯᠢᠩ ᠬᠤᠢ ᠵᠡᠷᠭᠡ 53 ᠨᠥᠬᠦᠷ ᠢ ᠬᠤᠷᠴᠢᠨ ᠲᠣᠭᠤᠷᠢᠭ ᠤᠨ ᠳᠤᠮᠳᠠᠳᠤ | ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠢᠶᠠᠷ ᠤᠷᠢᠨ ᠲᠣᠮᠢᠯᠠᠪᠠ᠃ | ᠬᠤᠷᠠᠯ ᠠᠴᠠ ᠤᠷᠢᠵᠤ ᠬᠡᠷᠡᠭᠯᠡᠬᠦ ᠲᠣᠭᠲᠠᠭᠠᠯ ᠢ ᠨᠡᠶᠢᠲᠡᠯᠡᠨ ᠮᠡᠳᠡᠭᠳᠡᠭᠰᠡᠨ ᠪᠥᠭᠡᠳ ᠤᠷᠢᠵᠤ ᠬᠡᠷᠡᠭᠯᠡᠭᠰᠡᠨ | ᠬᠠᠤᠯᠢ ᠪᠠᠷ ᠵᠠᠰᠠᠬᠤ ᠳᠡᠳ᠋ ᠵᠠᠬᠢᠷᠤᠯ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠨᠢᠭᠡ ᠪᠦᠯᠦᠭ ᠰᠢᠯᠢᠳᠡᠭ | ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠳᠤᠮᠳᠠᠳᠤ ᠪᠠᠭ᠎ᠠ ᠰᠤᠷᠭᠠᠭᠤ ᠯᠢ ᠶᠢᠨ ᠬᠠᠤᠯᠢ ᠪᠠᠷ | ᠵᠠᠰᠠᠬᠤ ᠳᠡᠳ᠋ ᠵᠠᠬᠢᠷᠤᠯ ᠢᠶᠠᠷ ᠤᠷᠢᠵᠤ᠂ ᠬᠤᠷᠴᠢᠨ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠶᠠᠯ᠎ᠠ | ᠬᠢᠬᠦ ᠶᠢ ᠰᠡᠷᠭᠡᠶᠢᠯᠡᠬᠦ ᠪᠠ ᠰᠤᠷᠭᠠᠨ ᠬᠦᠮᠦᠵᠢᠭᠦᠯᠦᠨ ᠵᠠᠰᠠᠬᠤ ᠠᠵᠢᠯ ᠤᠨ ᠨᠢᠭᠡ ᠵᠦᠢᠯ ᠤᠨ ᠴᠢᠬᠤᠯᠠ ᠠᠭᠤᠯᠭ᠎ᠠ | ᠪᠣᠯᠤᠨ᠎ᠠ᠃ ᠬᠠᠤᠯᠢ ᠪᠠᠷ ᠵᠠᠰᠠᠬᠤ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠬᠤᠷᠴᠢᠨ | ᠲᠣᠭᠤᠷᠢᠭ ᠤᠨ ᠨᠠᠰᠤᠨ ᠳᠤ ᠥᠯᠥ ᠬᠦᠷᠦᠭᠰᠡᠳ ᠤᠨ ᠬᠠᠤᠯᠢ ᠪᠠᠷ ᠵᠠᠰᠠᠬᠤ ᠬᠥᠮᠦᠵᠢᠯ ᠤᠨ ᠠᠵᠢᠯ ᠤᠨ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠶᠣᠰᠣᠯᠠᠯ ᠳᠡᠭᠡᠷ᠎ᠡ᠂ ᠤᠷᠢᠭᠳᠠᠨ ᠬᠡᠷᠡᠭᠯᠡᠭᠳᠡᠭᠰᠡᠨ ᠬᠠᠤᠯᠢ ᠪᠠᠷ ᠵᠠᠰᠠᠬᠤ ᠳᠡᠳ᠋ ᠵᠠᠬᠢᠷᠤᠯ ᠬᠤᠶᠢᠨ᠎ᠠ | ᠬᠤᠶᠢᠨ᠎ᠠ ᠠᠴᠠ ᠪᠠᠨ ᠲᠥᠷᠥᠭᠳᠡᠯ ᠢᠶᠠᠨ ᠢᠯᠡᠳᠬᠡᠵᠦ᠂ ᠢᠷᠠᠭᠤ ᠠᠯᠳᠠᠷ ᠲᠠᠢ ᠰᠠᠨᠠᠭᠳᠠᠬᠤ ᠶᠢᠨ ᠬᠠᠮᠲᠤ ᠪᠠᠰᠠ | ᠥᠪᠡᠷ ᠤᠨ ᠡᠭᠦᠷᠭᠡᠯᠡᠵᠦ ᠪᠠᠶᠢᠭ᠎ᠠ ᠬᠦᠨᠳᠦ ᠡᠭᠦᠷᠭᠡ ᠪᠠᠨ ᠤᠬᠠᠵᠤ᠂ ᠬᠦᠰᠡᠯ ᠡᠷᠡᠮᠡᠯᠵᠡᠯ ᠪᠠ ᠡᠭᠦᠷᠭᠡ | ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠵᠤ᠂ ᠡᠵᠡᠨ ᠤ ᠳᠦᠷᠢ ᠪᠠᠷ ᠰᠤᠷᠭᠠᠭᠤᠯᠢ᠂ ᠰᠤᠷᠤᠭᠴᠢᠳ ᠲᠤ | ᠴᠢᠨᠠᠷ ᠰᠠᠶᠢᠲᠠᠶ ᠬᠠᠤᠯᠢ ᠪᠠᠷ ᠵᠠᠰᠠᠬᠤ ᠦᠢᠯᠡᠴᠢᠯᠡᠭᠡ ᠬᠠᠩᠭᠠᠵᠤ᠂ ᠠᠮᠤᠷ ᠲᠦᠪᠰᠢᠨ ᠡᠮᠬᠢ ᠵᠢᠷᠤᠮ ᠲᠠᠢ | ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠦᠲᠦᠭᠡᠨ ᠪᠠᠶᠢᠭᠤᠯᠵᠤ᠂ ᠨᠠᠰᠤᠨ ᠳᠤ ᠦᠯᠦ | ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠭᠡᠨ᠎ᠡ᠃ | ᠬᠠᠤᠯᠢ ᠪᠠᠷ ᠵᠠᠰᠠᠬᠤ ᠳᠡᠳ᠋ ᠵᠠᠬᠢᠷᠤᠯ ᠢ ᠤᠷᠢᠬᠤ ᠪᠣᠯ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠠᠵᠢᠯ ᠢ | ᠰᠢᠨ᠎ᠡ ᠱᠠᠲᠤᠨ ᠳᠤ ᠣᠷᠣᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠡᠯ᠎ᠡ | ᠳᠤᠮᠳᠠᠳᠤ ᠪᠠᠭ᠎ᠠ ᠰᠤᠷᠭᠠᠭᠤᠯᠢ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠠᠤᠯᠢ ᠶᠣᠰᠣᠭᠠᠷ ᠰᠤᠷᠭᠠᠭᠤᠯᠢ ᠪᠠᠨ | ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠬᠦᠮᠦᠵᠢᠯ ᠤᠨ ᠠᠴᠢᠶᠠᠯᠠᠪᠤᠷᠢ ᠶᠢ ᠠᠮᠢᠳᠤᠯᠢᠭ | ᠪᠣᠯᠭᠠᠵᠤ᠂ ᠪᠠᠭᠰᠢ ᠶᠢᠨ ᠬᠠᠤᠯᠢ ᠶᠣᠰᠣᠭᠠᠷ ᠪᠠᠭᠰᠢᠯᠠᠬᠤ ᠴᠢᠳᠠᠪᠤᠷᠢ ᠶᠢ ᠨᠡᠮᠡᠭᠳᠡᠭᠦᠯᠵᠦ᠂ ᠰᠤᠷᠤᠭᠴᠢᠳ ᠤᠨ ᠬᠠᠤᠯᠢ | ᠰᠠᠬᠢᠯᠭ᠎ᠠ ᠶᠢ ᠵᠢᠷᠤᠮᠯᠠᠬᠤ ᠦᠵᠡᠯᠲᠡ ᠶᠢ ᠪᠣᠶ ᠪᠣᠯᠭᠠᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠠᠰᠠᠭᠤᠳᠠᠯ ᠢ | ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠠᠭᠤᠷ ᠠᠮᠢᠰᠬᠤᠯᠢ ᠪᠤᠢ ᠪᠣᠯᠭᠠᠵᠤ᠂ ᠳᠤᠮᠳᠠᠳᠤ ᠪᠠᠭ᠎ᠠ | ᠰᠤᠷᠭᠠᠭᠤᠯᠢ ᠶᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶ᠎ᠡ | ᠪᠣᠯᠭᠠᠨ ᠴᠢᠷᠮᠠᠶᠢᠨ ᠪᠠᠶᠢᠭᠤᠯᠤᠨ᠎ᠠ᠃ | | |