ᠲᠤᠭᠤᠷᠢᠭ ᠤᠨ ᠲᠠᠩᠰᠠ ᠡᠪᠬᠡᠮᠡᠯ ᠤᠨ ᠲᠣᠪᠴᠢᠶ᠎ᠠ 2020 ᠣᠨ ᠤ ︽6.9︾ ᠤ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-06-11
 ᠨᠡᠶᠢᠭᠡᠮ ᠤᠨ ᠳᠠᠩᠰᠠ ᠡᠪᠬᠡᠮᠡᠯ ᠤᠨ ᠦᠵᠡᠯ ᠤᠬᠠᠮᠰᠠᠷ ᠪᠠ ᠳᠠᠩᠰᠠ ᠡᠪᠬᠡᠮᠡᠯ ᠤᠨ ᠬᠠᠤᠯᠢ ᠳᠦᠷᠢᠮ ᠤᠨ ᠦᠵᠡᠯᠲᠡ  ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠳᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠳᠤ ᠠᠰᠢᠭᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ 6 ᠰᠠᠷ᠎ᠠ ᠶᠢᠨ 9 ᠤ ᠡᠳᠦᠷ᠂ ᠲᠦᠩᠯᠢᠶᠣᠤ ᠬᠤᠲᠠ ᠶᠢᠨ ᠳᠠᠩᠰᠠ ᠡᠪᠬᠡᠮᠡᠯ ᠤᠨ ᠲᠣᠪᠴᠢᠶ᠎ᠠ ᠪᠣᠯᠤᠨ ᠬᠤᠷᠴᠢᠨ ᠲᠣᠭᠤᠷᠢᠭ ᠤᠨ ᠳᠠᠩᠰᠠ ᠡᠪᠬᠡᠮᠡᠯ ᠤᠨ  ᠲᠤᠪᠴᠢᠶ᠎ᠠ ᠨᠢ ︽ᠣᠯᠠᠨ ᠤᠯᠤᠰ  ᠤᠨ ᠳᠠᠩᠰᠠ ᠡᠪᠬᠡᠮᠡᠯ ᠤᠨ ᠡᠳᠦᠷ︾ ᠢᠶᠠᠷ ᠠᠵᠠ ᠲᠣᠬᠢᠶᠠᠯ ᠪᠣᠯᠭᠠᠵᠤ᠂ ︽ᠳᠠᠩᠰᠠ ᠡᠪᠬᠡᠮᠡᠯ ᠨᠢ ᠴᠢᠨᠡᠭᠡᠯᠢᠭ ᠨᠡᠶᠢᠭᠡᠮ ᠢ ᠭᠡᠷᠡᠴᠢᠯᠡᠬᠦ ᠶᠢᠨ ᠲᠣᠭᠤᠷᠢᠨ ᠳᠤ᠂ ᠶᠠᠳᠠᠭᠤ ᠶᠢ ᠲᠡᠳᠬᠦᠬᠦ  ᠰᠢᠢᠳᠪᠦᠷᠢᠲᠦ ᠪᠣᠳᠣᠯᠭ᠎ᠠ ᠶᠢᠨ ᠬᠤᠭᠤᠴᠠᠭᠠᠨ ᠳᠤ ᠠᠩᠬᠠᠷᠤᠯ ᠢᠶᠠᠨ ᠬᠠᠨᠳᠤᠭᠤᠯᠤᠨ᠂  ᠰᠢᠷᠠᠮᠦ᠋ᠷᠡᠨ ᠴᠡᠴᠡᠷᠯᠢᠭ ᠤᠨ ᠡᠮᠦᠨ᠎ᠡ ᠲᠠᠯᠠᠪᠠᠶ ᠳᠤ 2020 ᠤᠨ ᠤ ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠡᠶ᠃ ᠲᠠᠩᠰᠠ ᠡᠪᠬᠡᠮᠡᠯ ᠤᠨ ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ᠃    ᠠᠵᠢᠯᠯᠠᠭ᠎ᠠ ᠨᠢ ᠤᠬᠠᠭᠤᠯᠤᠨ ᠳᠡᠯᠭᠡᠨ ᠦᠵᠡᠭᠦᠯᠬᠦ ᠰᠠᠮᠪᠠᠷ᠎ᠠ ᠵᠣᠬᠢᠶᠠᠬᠤ᠂  ᠡᠯᠭᠦᠭᠡᠰᠦ᠂ ᠤᠷᠢᠶ᠎ᠠ ᠯᠣᠽᠦ᠋ᠩ  ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠮᠲᠤ ᠬᠦᠷᠭᠡᠬᠦ ᠳᠠᠩᠰᠠ ᠡᠪᠬᠡᠮᠡᠯ ᠤᠨ ᠤᠬᠠᠭᠤᠯᠭ᠎ᠠ ᠶᠢᠨ ᠪᠦᠲᠦᠭᠡᠯ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠳᠠᠩᠰᠠ ᠡᠪᠬᠡᠮᠡᠯ ᠤᠨ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠳᠠᠩᠰᠠ ᠡᠪᠬᠡᠮᠡᠯ ᠤᠨ ᠠᠵᠢᠯ ᠢ ᠣᠶᠢᠯᠭᠠᠨ ᠮᠡᠳᠡᠯᠴᠡᠭᠦᠯᠬᠦ ᠪᠤᠯᠭᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号