6 ᠰᠠᠷ᠎ᠠ ᠶᠢᠨ 9 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠱᠦᠵᠢ ᠫᠧᠩ ᠯᠢ ᠵᠢᠶᠦ᠋ᠨ᠂ ᠲᠣᠭᠤᠷᠢᠭ ᠤᠨ ᠤᠯᠤᠰ | ᠲᠥᠷᠥ ᠶᠢᠨ ᠬᠤᠷᠢᠶᠠᠨ ᠤ ᠳᠡᠳ᠋ ᠲᠡᠷᠢᠭᠦᠯᠡᠭᠴᠢ ᠵᠣᠣ ᠶᠠᠨ ᠴᠢᠦ ᠠᠵᠢᠯᠲᠠᠨ ᠢᠶᠠᠨ ᠳᠠᠭᠠᠭᠤᠯᠤᠨ ᠵᠡᠭᠦᠨ | ᠳᠡᠭᠦᠷᠭᠡ ᠶᠢᠨ ᠵᠡᠭᠡᠯᠢ ᠭᠤᠳᠤᠮᠵᠢ ᠳᠤ ᠬᠦᠷᠴᠦ ᠰᠢᠨ᠎ᠡ ᠶᠢ ᠡᠭᠦᠳᠬᠦ ᠬᠤᠲᠠ ᠶᠢ ᠳᠠᠭᠠᠭᠠᠴᠢᠯᠠᠨ ᠬᠤᠯᠪᠣᠭᠠᠯᠠᠬᠤ | ᠠᠵᠢᠯ ᠢ ᠵᠣᠯᠭᠠᠭᠤᠯᠪᠠ᠃ ᠫᠧᠩ ᠯᠢ ᠵᠢᠶᠦ᠋ᠨ ᠨᠡᠷ ᠬᠠᠭᠤᠴᠢᠨ ᠲᠠᠪᠤᠨ ᠵᠠᠭᠤᠨ ᠲᠡᠭᠰᠢ ᠳᠥᠷᠪᠡᠯᠵᠢᠨ ᠬᠡᠷ ᠲᠠᠢ | ᠲᠣᠭᠤᠷᠢᠭ ᠵᠡᠷᠭᠡ ᠭᠠᠵᠠᠷ ᠲᠤ ᠬᠦᠷᠴᠦ᠂ ᠬᠤᠲᠠ ᠪᠠᠶᠢᠭᠤᠯᠤᠭᠰᠠᠨ ᠦᠷ᠎ᠡ ᠪᠦᠲᠦᠭᠡᠯ ᠢ ᠪᠠᠲᠤᠯᠠᠬᠤ ᠪᠠ ᠳᠠᠬᠢᠨ | ᠪᠠᠶᠢᠴᠠᠭᠠᠬᠤ ᠠᠵᠢᠯ ᠢ ᠬᠢᠨᠠᠨ ᠵᠢᠯᠤᠭᠤᠳᠬᠤ ᠶᠢᠨ ᠬᠠᠮᠲᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠤᠢᠢᠷ᠎ᠠ ᠶᠢᠨ ᠬᠤᠭᠤᠴᠠᠭᠠᠨ ᠳᠤ ︽ᠬᠤᠳᠠ | ᠴᠣᠭᠴᠠᠯᠠᠭᠰᠠᠨ︾ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠵᠢᠭᠠᠵᠤ | ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ︽ᠬᠤᠲᠠ ᠴᠣᠭᠴᠠᠯᠠᠭᠰᠠᠨ︾ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠤᠨ ᠪᠠᠶᠢᠷᠢᠯᠠᠭᠤᠯᠤᠯᠲᠠ | ᠪᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠪᠠᠬᠢᠵᠢᠭᠦᠯᠬᠦ ᠠᠵᠢᠯ ᠳᠤ ᠢᠳᠡᠪᠬᠢᠲᠡᠶ ᠣᠷᠣᠯᠴᠠᠬᠤ ᠬᠡᠷᠡᠭᠲᠡᠶ︔ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ | ᠡᠭᠦᠷᠭᠡ ᠶᠢ ᠬᠡᠮᠵᠢᠶᠡᠵᠢᠭᠦᠯᠦᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠲᠣᠰ ᠲᠣᠰ ᠤᠨ | ᠬᠠᠷᠢᠭᠤᠴᠠᠯᠭ᠎ᠠ ᠪᠠᠨ ᠭᠦᠶ᠋ᠴᠡᠳᠬᠡᠬᠦ ᠬᠡᠷᠡᠭᠲᠡᠶ︔ ︽ᠬᠤᠲᠠ ᠶᠢ ᠴᠣᠭᠴᠠᠯᠠᠨ ᠪᠠᠶᠢᠭᠤᠯᠤᠭᠰᠠᠨ︾ ᠦᠷ᠎ᠡ ᠪᠦᠲᠦᠭᠡᠯ ᠢ | ᠪᠠᠬᠢᠵᠢᠭᠦᠯᠬᠦ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠲᠤᠰᠬᠠᠶ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠵᠦᠢᠯ ᠤᠨ ᠠᠵᠢᠯ ᠡᠭᠦᠷᠭᠡ ᠶᠢ ᠨᠢᠭᠡᠳ ᠨᠢᠭᠡ ᠪᠠᠷ | ᠲᠡᠭᠦᠯᠳᠡᠷᠵᠢᠭᠦᠯᠵᠦ᠂ ᠰᠠᠭᠤᠷᠢ ᠶᠢ ᠪᠠᠬᠢᠵᠢᠭᠦᠯᠵᠦ᠂ ᠣᠷᠬᠢᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠡᠯ᠎ᠡ | ᠵᠦᠢᠯ ᠤᠨ ᠠᠵᠢᠯ ᠢ ᠰᠠᠶᠢᠲᠤᠷ ᠬᠢᠵᠦ ᠪᠤᠳᠠᠲᠠᠢ ᠬᠢᠵᠦ ᠪᠦᠷᠢᠨ ᠭᠦᠢᠴᠡᠳ ᠬᠢᠬᠦ ᠬᠡᠷᠡᠭᠲᠡᠢ︔ ᠱᠠᠯᠠᠪᠳᠠᠭᠤᠯᠤᠨ | ᠪᠠᠶᠢᠴᠠᠭᠠᠬᠤ ᠡᠷᠴᠢᠮ ᠢᠶᠠᠨ ᠭᠦᠨᠵᠡᠭᠡᠶᠢᠷᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠲᠤᠤᠷᠠᠳᠤ | ᠱᠠᠲᠤᠨ ᠤ ᠬᠢᠨ ᠬᠤᠳᠠ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠪᠠᠶᠢᠳᠠᠯ | ᠪᠦᠷᠢᠯᠳᠦᠬᠦ ᠶᠢ ᠠᠬᠢᠭᠤᠯᠬᠤ ᠬᠡᠷᠡᠭᠲᠡᠢ︔ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠵᠤ | ᠂ ᠠᠰᠠᠭᠤᠳᠠᠯ ᠢᠯᠡᠷᠡᠭᠦᠯᠪᠡᠯ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠠᠮᠲᠤᠷᠠᠯ | ᠬᠦᠴᠦᠨ ᠢ ᠪᠦᠷᠢᠯᠳᠦᠭᠦᠯᠵᠦ᠂ ︽ᠬᠤᠲᠠ ᠴᠣᠭᠴᠠᠯᠠᠭᠰᠠᠨ︾ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ | ᠬᠠᠮᠲᠤᠪᠠᠷ ᠰᠠᠶᠢᠲᠤᠷ ᠬᠢᠨ᠎ᠠ᠃ | |