2020 ᠣᠨ ᠤ ᠬᠤᠷᠴᠢᠨ ᠲᠣᠭᠤᠷᠢᠭ ᠤᠨ ︽ᠬᠤᠲᠠ ᠴᠣᠭᠴᠠᠯᠠᠭᠰᠠᠨ︾ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠤᠨ  ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-11
ᠪᠦᠬᠦ  ᠲᠤᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ︽ᠬᠤᠲᠠ ᠪᠠᠶᠢᠭᠤᠯᠬᠤ︾ ᠶᠢᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 8 ᠤ ᠡᠳᠦᠷ᠂ 2020 ᠣᠨ ᠤ ᠬᠤᠷᠴᠢᠨ ᠲᠣᠭᠤᠷᠢᠭ ᠤᠨ ︽ᠬᠤᠲᠠ ᠴᠣᠭᠴᠠᠯᠠᠭᠰᠠᠨ︾ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠢ ᠾᠦᠢ ᠲᠤᠤ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠤᠳᠤᠷᠢᠳᠤᠯᠭ᠎ᠠ ᠫᠧᠩ ᠯᠢ ᠵᠢᠶᠦ᠋ᠨ᠂ ᠯᠢᠦ ᠵᠢᠶᠠᠨ ᠱᠧᠩ᠂ ᠱᠤᠤ ᠶᠠᠨ ᠵᠢᠶᠦ᠋ᠨ᠂ ᠵᠠᠩ ᠢ ᠮᠢᠩ᠂ ᠴᠢᠦᠢ ᠳ᠋ᠧ ᠸᠧᠢ᠂ ᠵᠤᠤ ᠰᠢ ᠵᠦᠩ᠂ ᠯᠢ ᠸᠧᠢ ᠳ᠋ᠦᠩ᠂ ᠶᠠᠩ ᠢᠦᠢ ᠴᠢ᠂ ᠯᠢᠦ ᠰᠢᠶᠤᠤ  ᠾᠦᠢ᠂ ᠵᠤᠤ ᠶᠠᠨ ᠴᠢᠦ᠂ ᠶᠠᠩ ᠰᠢᠤ ᠶᠤᠸᠠᠨ ᠨᠠᠷ ᠬᠤᠷᠠᠯ ᠳᠤ ᠣᠷᠣᠯᠴᠠᠵᠠᠢ᠃    ᠬᠤᠷᠠᠯ ᠠᠴᠠ ᠪᠦᠬᠦ ᠤᠯᠤᠰ ᠤᠨ ᠪᠣᠯᠪᠠᠰᠤᠨ ᠬᠤᠲᠠ ᠪᠣᠯᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠠᠵᠢᠯ ᠤᠨ ᠲᠤᠬᠠᠶ ᠲᠤᠰ ᠲᠤᠰ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ ︽ᠬᠤᠷᠴᠢᠨ ᠲᠣᠭᠤᠷᠢᠭ ᠤᠨ ᠲᠦᠩᠯᠢᠶᠣᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠭᠤᠤᠯ ᠴᠣᠭᠴᠠ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠡᠭᠦᠷᠭᠡ︾ ᠪᠠ ︽ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠬᠠᠷᠠᠯᠲᠠ ᠡᠭᠦᠷᠭᠡ︾ ᠶᠢᠨ ᠬᠠᠷᠢᠭᠤᠴᠠᠯᠭ᠎ᠠ ᠶᠢᠨ ᠪᠢᠴᠢᠭ ᠢ  ᠲᠠᠷᠬᠠᠭᠠᠪᠠ  ᠃  ᠲᠤᠭᠤᠷᠢᠭ ᠤᠨ ᠳᠠᠷᠤᠭ᠎ᠠ ᠢᠤᠢ ᠾᠦᠢ ᠲᠤᠤ  ᠠᠬᠤᠢ ᠲᠠᠯᠠᠪᠠᠢ ᠳᠤᠨᠢ ᠵᠡᠭᠡᠯᠢ ᠭᠤᠲᠤᠮᠵᠢ᠂ ᠰᠤᠮᠤ ᠪᠠᠯᠭᠠᠰᠤ᠂ ᠲᠤᠭᠤᠷᠢᠭ ᠤᠨ ᠰᠢᠭᠤᠳ ᠬᠠᠷᠢᠶ᠎ᠠ ᠨᠢᠭᠡᠴᠡ  ᠪᠤᠯᠤᠨ ᠳᠠᠭᠠᠭᠠᠴᠢᠯᠠᠨ ᠬᠤᠯᠪᠤᠭᠠᠯᠠᠬᠤ ᠨᠢᠭᠡᠴᠡ   ᠶᠢᠨ ᠲᠦᠯᠦᠭᠡᠯᠡᠭᠴᠢ ᠲᠠᠢ  ᠬᠠᠷᠢᠭᠤᠴᠠᠯᠭ᠎ᠠ ᠶᠢᠨ ᠭᠠᠷ ᠤᠨ ᠦᠰᠦᠭ ᠵᠢᠷᠤᠪᠠ᠃ ᠲᠡᠮᠦᠷ ᠵᠠᠮ ᠤᠨ ᠵᠡᠭᠡᠯᠢ ᠭᠤᠳᠤᠮᠵᠢ᠂  ᠹᠧᠩ ᠲᠢᠶᠠᠨ ᠪᠠᠯᠭᠠᠰᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠭᠡ  ᠠᠩᠭᠢ ᠶᠢᠨ ᠭᠤᠤᠯ ᠬᠠᠷᠢᠭᠤᠴᠠᠯᠭᠠᠲᠠᠨ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠪᠡ᠃    ᠢᠦᠶ ᠾᠦᠢ ᠲᠤᠤ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠴᠠᠭ ᠪᠢᠳᠡᠨ ᠢ ᠬᠦᠯᠢᠶᠡᠬᠦ ᠥᠬᠡᠶ ᠲᠤᠯᠭᠠᠮ᠎ᠠ ᠰᠡᠳᠬᠢᠯᠭᠡ ᠪᠠᠷ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠰᠠᠶᠢᠳᠤᠷ ᠠᠳᠬᠤᠬᠤ ᠬᠡᠷᠡᠭᠲᠡᠶ᠃ ᠪᠣᠯᠪᠠᠰᠤᠨ ᠬᠤᠲᠠ᠂ ᠠᠷᠢᠭᠤᠨ ᠴᠡᠪᠡᠷ ᠬᠤᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠨᠢ ᠨᠠᠮ ᠤᠨ ᠲᠥᠪ  ᠬᠤᠷᠢᠶᠠᠨ ᠤ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠢ ᠨᠢᠭᠲᠠ ᠬᠤᠯᠪᠣᠯᠳᠤᠵᠤ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠠᠬᠢᠭᠤᠯᠬᠤ  ᠪᠤᠲᠠᠲᠠᠢ ᠠᠵᠢᠯᠯᠠᠭ᠎ᠠ ᠮᠥᠨ᠃ ᠲᠡᠮᠦᠷ ᠢ ᠠᠳᠬᠤᠬᠤ ᠳᠤ ᠣᠷᠣᠮ ᠲᠠᠢ ᠪᠠᠶᠢᠬᠤ ᠡᠷᠴᠢᠮ ᠢᠶᠠᠷ ᠡᠯ᠎ᠡ ᠵᠦᠢᠯ ᠤᠨ ᠡᠭᠦᠷᠭᠡ ᠶᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠪᠦᠬᠦ ᠲᠤᠭᠤᠷᠢᠭ ᠳᠠᠶᠠᠭᠠᠷ ᠡᠷᠬᠡᠪᠰᠢ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠡᠮᠵᠢᠨ ᠲᠣᠭᠲᠠᠭᠠᠬᠤ ᠰᠢᠰᠲ᠋ᠧᠮᠵᠢ︾ ᠪᠠ ᠠᠵᠢᠯᠯᠠᠬᠤ ᠭᠠᠷ ᠳᠡᠪᠲᠡᠷ ᠲᠠᠢ ᠬᠠᠷᠢᠴᠠᠭᠤᠯᠤᠨ᠂ ᠲᠦᠩᠯᠢᠶᠣᠤ ᠬᠤᠲᠠ ᠶᠢᠨ ᠬᠤᠲᠠ ᠡᠭᠦᠳᠦᠨ ᠪᠠᠶᠢᠭᠤᠯᠬᠤ ᠠᠯᠪᠠᠨ ᠬᠡᠷ ᠤᠨ ᠲᠣᠭᠲᠠᠭᠠᠭᠰᠠᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠪᠠᠷᠢᠮᠵᠢᠶ᠎ᠠ ᠪᠠ ᠡᠯ᠎ᠡ  ᠵᠦᠢᠯ ᠤᠨ ᠠᠵᠢᠯ ᠤᠨ ᠲᠥᠰᠦᠯ ᠲᠠᠢ ᠬᠠᠷᠢᠴᠠᠭᠤᠯᠤᠨ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠲᠥᠪᠯᠡᠷᠡᠭᠦᠯᠦᠨ ᠬᠦᠴᠦᠯᠡᠨ ᠳᠡᠭᠡᠭᠰᠢᠯᠡᠭᠦᠯᠵᠦ᠂ ᠡᠷᠴᠢᠮ ᠢᠶᠠᠨ ᠴᠢᠩᠭᠠᠷᠠᠭᠤᠯᠤᠨ᠂ ᠠᠬᠢᠴᠠ ᠪᠠᠨ ᠲᠦᠷᠭᠡᠳᠬᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠭᠢᠯᠠᠰ ᠴᠡᠭ ᠢᠶᠠᠨ ᠳᠡᠭᠡᠭᠰᠢᠯᠡᠭᠦᠯᠦᠨ ᠡᠭᠦᠳᠦᠨ ᠪᠠᠶᠢᠭᠤᠯᠬᠤ ᠠᠵᠢᠯ ᠤᠨ ᠪᠠᠬᠢᠵᠢᠨ  ᠳᠡᠭᠡᠭᠰᠢᠯᠡᠭᠦᠯᠬᠦ ᠶᠢ ᠠᠬᠢᠭᠤᠯᠤᠨ᠎ᠠ᠃    ᠢᠦᠶ ᠾᠦᠢ ᠲᠤᠤ ᠴᠢᠬᠤᠯᠠᠴᠢᠯᠠᠭᠰᠠᠨ ᠨᠢ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠠᠮᠵᠢᠯᠴᠠᠨ ᠬᠠᠮᠵᠢᠯᠴᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠠᠨ ᠦᠨᠡᠨᠬᠦ ᠴᠢᠩᠭᠠᠳᠬᠠᠵᠤ᠂ ᠬᠤᠲᠠ ᠲᠣᠭᠤᠷᠢᠭ ᠤᠨ ᠬᠤᠶᠠᠷ ᠱᠠᠲᠤᠨ ᠤ ᠠᠵᠢᠯ ᠡᠷᠬᠡ ᠶᠢᠨ ᠰᠣᠯᠪᠢᠴᠠᠯ ᠣᠷᠣᠰᠢᠵᠤ ᠪᠠᠶᠢᠭ᠎ᠠ ᠠᠵᠢᠯ ᠳᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠢᠳᠡᠪᠬᠢᠲᠡᠢ ᠨᠡᠪᠲᠡᠷᠡᠯᠴᠡᠵᠦ᠂ ᠬᠠᠮᠵᠢᠯᠴᠠᠨ ᠠᠬᠢᠭᠤᠯᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠦᠯᠬᠦᠮᠳᠡᠨ ᠨᠢᠭᠲᠠᠷᠠᠵᠤ᠂ ᠬᠦᠴᠦᠨ  ᠴᠢᠳᠠᠪᠤᠷᠢ  ᠶᠢ ᠪᠦᠷᠢᠯᠳᠦᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠲᠠ ᠪᠠᠶᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ  ᠰᠢᠳᠤᠷ ᠬᠢᠨ᠎ᠡ᠃ ᠤᠯᠠᠨ ᠵᠦᠶ᠋ᠯ ᠤᠨ ᠬᠡᠯᠪᠡᠷᠢ ᠶᠢ ᠠᠪᠴᠤ ᠪᠠᠶᠢᠭᠠᠳ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠤᠯᠠᠨ ᠲᠦᠮᠡᠨ ᠢ ᠥᠷᠭᠡᠨ ᠢᠶᠠᠷ ᠲᠠᠶᠢᠴᠢᠯᠠᠵᠦ᠂ ᠤᠯᠠᠨ ᠲᠦᠮᠡᠨ ᠤ ᠣᠷᠣᠯᠴᠠᠬᠤ ᠲᠠᠪᠴᠠᠩ ᠪᠣᠯᠤᠨ ᠠᠴᠢᠶᠠᠯᠠᠪᠤᠷᠢ ᠶᠢ ᠢᠳᠡᠪᠬᠢᠲᠡᠶ ᠪᠠᠶᠢᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠰᠠᠨᠠᠭᠠᠴᠢᠯᠠᠭᠠᠲᠤ ᠴᠢᠨᠠᠷ ᠪᠣᠯᠤᠨ  ᠢᠳᠡᠪᠬᠢᠵᠢᠯ ᠢ  ᠭᠦᠢᠴᠡᠳ ᠳᠠᠶᠢᠴᠢᠯᠠᠬᠤ ᠬᠡᠷᠡᠭᠲᠡᠶ᠃ ︽ᠨᠢᠭᠡ  ᠤᠲᠠᠰᠤ ᠪᠠᠷ  ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠭᠤᠳᠤᠮᠵᠢ ᠶᠢ ᠨᠢᠭᠡᠳᠦᠯᠲᠡᠶ ᠡᠷᠬᠢᠯᠡᠬᠦ︾  ᠦᠢᠯᠡᠳᠦᠯ ᠢ ᠦᠨᠡᠨ ᠬᠦ ᠪᠠᠳᠠᠷᠠᠭᠤᠯᠵᠤ᠂ ᠤᠯᠠᠨ ᠲᠦᠮᠡᠨ ᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠶᠢ ᠵᠣᠷᠢᠭᠵᠢᠭᠤᠯᠤᠨ᠎ᠠ᠃ ︽ᠨᠢᠭᠡ ᠠᠬᠠᠮᠠᠳ ᠨᠢᠭᠡ ᠪᠠᠭ᠎ᠠ︾ ᠬᠠᠮᠲᠤᠯᠢᠭ ᠤᠨ ᠢᠳᠡᠪᠬᠢᠵᠢᠯ ᠢ ᠳᠠᠶᠢᠴᠢᠯᠠᠬᠤ ᠶᠢ ᠴᠢᠬᠤᠯᠠᠴᠢᠯᠠᠵᠤ᠂ ᠣᠯᠠᠨ ᠨᠡᠶᠢᠲᠡ ᠶᠢᠨ ᠠᠰᠠᠷᠠᠮᠵᠢ ᠳᠤ ᠳᠤᠷᠠᠲᠠᠶ ᠨᠠᠰᠤᠲᠠᠶᠢᠴᠤᠳ ᠤᠨ ᠰᠠᠶᠢᠨ ᠳᠤᠷ᠎ᠠ ᠶᠢᠨ ᠠᠵᠢᠯᠯᠠᠭᠴᠢ ᠶᠢ  ᠵᠤᠷᠢᠭᠵᠢᠭᠤᠯᠤᠨ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠠᠰᠠᠷ ᠤᠨ ᠬᠦᠷᠢᠶᠡᠨ ᠠᠴᠠ ᠭᠠᠷᠳᠠᠵᠤ᠂ ᠰᠠᠭᠤᠭᠠᠯᠢ ᠠᠷᠠᠳ ᠤᠨ ᠪᠣᠯᠪᠠᠰᠤᠨ ᠪᠤᠰᠤ ᠦᠭᠡ ᠶᠠᠷᠢᠶ᠎ᠠ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠦᠭᠡ ᠶᠠᠷᠢᠶ᠎ᠠ ᠦᠢᠯᠡ ᠠᠵᠢᠯᠯᠠᠭ᠎ᠠ ᠶᠢ ᠨᠢ ᠤᠬᠠᠮᠰᠠᠷ ᠠᠴᠠ ᠪᠠᠨ ᠵᠢᠷᠤᠮᠵᠢᠭᠤᠯᠵᠤ᠂ ᠨᠢᠭᠡ ᠭᠡᠷ ᠨᠢᠭᠡ ᠡᠷᠦᠬᠡ ᠶᠢᠨ ᠪᠣᠯᠪᠠᠰᠤᠨ ᠢᠶᠠᠷ ᠪᠦᠬᠦ ᠨᠡᠶᠢᠭᠡᠮ ᠤᠨ ᠶᠡᠭᠡ ᠪᠣᠯᠪᠠᠰᠤᠨ ᠤ ᠪᠦᠬᠦᠯᠢ ᠴᠣᠭᠴᠠ ᠶᠢᠨ ᠠᠭᠤᠷ ᠠᠮᠢᠰᠬᠤᠯ ᠤᠨ ᠪᠦᠷᠢᠯᠳᠦᠬᠦ ᠶᠢ ᠲᠦᠯᠬᠢᠨ ᠠᠬᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ᠂ ᠤᠬᠠᠭᠤᠯᠬᠤ ᠬᠡᠯᠲᠡᠰ᠂ ᠵᠠᠰᠠᠭ ᠤᠨ ᠣᠷᠳᠣᠨ ᠤ ᠠᠯᠪᠠᠨ ᠭᠡᠷ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠯᠡᠭᠦᠤ ᠶᠠᠪᠤᠵᠤ ᠢᠯᠡᠭᠦᠤ ᠦᠵᠡᠵᠦ ᠢᠯᠡᠭᠦᠤ ᠪᠠᠶᠢᠴᠠᠭᠠᠵᠤ᠂ ᠪᠠᠬᠢᠵᠢᠭᠦᠯᠬᠦ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠡᠳᠡᠭᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠬᠦᠷᠦᠯᠴᠡᠬᠦ ᠦᠭᠡᠢ᠂ ᠣᠷᠣᠰᠢᠵᠤ ᠪᠠᠶᠢᠭ᠎ᠠ ᠰᠡᠳᠦᠪ ᠣᠯᠠᠨ᠂ ᠠᠬᠢᠴᠠ  ᠬᠤᠴᠤᠷᠤᠩᠭᠤᠢ ᠪᠠᠶᠢᠪᠠᠯ᠂ ᠢᠯᠡ ᠦᠵᠡᠭᠦᠯᠬᠦ ᠬᠡᠷᠡᠭᠲᠡᠶ᠃ ᠥᠷᠭᠡᠨ ᠤᠯᠠᠨ ᠺᠠᠳ᠋ᠷ ᠤᠯᠠᠨ ᠲᠦᠮᠡᠨ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠴᠠᠭ ᠮᠥᠴᠡ ᠶᠢ ᠠᠯᠳᠠᠯ ᠦᠭᠡᠢ ᠲᠡᠮᠡᠴᠡᠬᠦ ᠡᠷᠴᠢ ᠵᠣᠷᠢᠭ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠢᠲᠡᠭᠡᠯ ᠵᠣᠷᠢᠭ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ  ᠬᠡᠮᠵᠢᠶ᠎ᠡ ᠪᠠᠷ ᠬᠤᠳᠠ ᠶᠢ ᠡᠭᠦᠳᠦᠨ ᠪᠠᠶᠢᠭᠤᠯᠵᠤ ᠪᠠᠬᠢᠵᠢᠭᠦᠯᠬᠦ ᠪᠡᠷᠬᠡ ᠰᠡᠳᠦᠪ ᠢ  ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ ᠬᠢᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号