ᠢᠦᠶ  ᠾᠦᠢ ᠲᠤᠤ ᠵᠡᠷᠭᠡ ᠲᠣᠭᠤᠷᠢᠭ ᠤᠨ ᠤᠳᠤᠷᠢᠳᠤᠯᠭ᠎ᠠ ᠲᠣᠰ ᠲᠣᠰ ᠪᠦᠯᠬᠦᠮ ᠳᠠᠭᠠᠭᠤᠯᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠤᠲᠠ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-06-11
 ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠤᠰᠠᠳᠠ᠂ ᠬᠤᠷᠴᠢᠨ ᠲᠣᠭᠤᠷᠢᠭ ᠤᠨ ︽ᠬᠤᠤᠰ ᠬᠤᠲᠠ ᠶᠢ ᠬᠠᠮᠲᠤ ᠪᠠᠷ ᠡᠭᠦᠳᠬᠦ︾ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ ᠳᠠᠬᠢᠨ ᠪᠠᠶᠢᠴᠠᠭᠠᠬᠤ ᠠᠵᠢᠯ ᠪᠦᠬᠦ ᠲᠠᠯ᠎ᠠ ᠪᠠᠷ ᠡᠬᠢᠯᠡᠬᠦ ᠲᠠᠰᠢᠷᠠᠮ ᠳᠤ᠂ 6 ᠰᠠᠷ᠎ᠠ ᠶᠢᠨ 9 ᠤ ᠡᠳᠦᠷ ᠤᠨ ᠦᠳᠡ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠶ ᠾᠦᠢ ᠲᠤᠤ᠂ ᠲᠣᠭᠤᠷᠢᠭ ᠤᠨ ᠤᠳᠤᠷᠢᠳᠤᠯᠭ᠎ᠠ ᠯᠢᠦ ᠵᠢᠶᠠᠨ ᠱᠧᠩ᠂ ᠱᠤᠤ ᠶᠠᠨ ᠵᠢᠶᠦ᠋ᠨ ᠭᠤᠷᠪᠠᠨ ᠠᠩᠭᠢ ᠬᠤᠪᠢᠶᠠᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠳᠠᠭᠠᠭᠤᠯᠤᠨ ᠬᠤᠷᠴᠢᠨ ᠲᠣᠭᠤᠷᠢᠭ ᠤᠨ ᠬᠤᠩ ᠰᠢᠩ ᠵᠡᠭᠡᠯᠢ ᠭᠤᠳᠤᠮᠵᠢ᠂ ᠱᠢ ᠵᠢᠶᠧ ᠵᠡᠭᠡᠯᠢ ᠭᠤᠳᠤᠮᠵᠢ᠂ ᠬᠤᠷᠴᠢᠨ ᠵᠡᠭᠡᠯᠢ ᠭᠤᠳᠤᠮᠵᠢ ᠳᠤ ᠬᠦᠷᠴᠦ᠂ ᠬᠤᠲᠠ ᠶᠢ ᠪᠠᠶᠢᠭᠤᠯᠵᠤ ᠳᠠᠬᠢᠨ ᠪᠠᠶᠢᠴᠠᠭᠠᠬᠤ ᠠᠵᠢᠯ ᠢ ᠪᠠᠶᠢᠴᠠᠭᠠᠨ ᠵᠢᠯᠣᠭᠤᠳᠴᠤ᠂ ᠬᠤᠷᠴᠢᠨ ᠲᠣᠭᠤᠷᠢᠭ ᠤᠨ ᠰᠢᠨ᠎ᠡ ᠶᠢ ᠡᠭᠦᠳᠬᠦ ᠬᠤᠲᠠ ᠶᠢᠨ ᠳᠠᠬᠢᠨ ᠪᠠᠶᠢᠴᠠᠭᠠᠬᠤ ᠠᠵᠢᠯ ᠤᠨ ᠥᠨᠳᠥᠷ ᠪᠠᠷᠢᠮᠵᠢᠶ᠎ᠠ ᠪᠠ ᠴᠢᠨᠠᠷ ᠰᠠᠶᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠨ᠎ᠠ᠃    ᠼᠦᠢ ᠲᠢ ᠳ᠋ᠦᠩ ᠵᠢᠶᠦ᠋ᠨ ᠨᠡᠶᠢᠭᠡᠮ ᠲᠣᠭᠤᠷᠢᠭ ᠪᠣᠯᠤᠨ ᠹᠦ᠋ ᠶᠤᠸᠠᠨ ᠵᠢᠶᠠ ᠶᠤᠸᠠᠨ ᠨᠡᠶᠢᠭᠡᠮ ᠲᠣᠭᠤᠷᠢᠭ ᠲᠤ᠂ ᠢᠦᠶ ᠾᠦᠢ ᠲᠤᠤ ᠵᠢᠭᠠᠵᠤ ᠭᠠᠷᠭᠠᠭᠰᠠᠨ ᠨᠢ᠂ ᠣᠯᠠᠨ ᠨᠡᠶᠢᠲᠡ ᠶᠢᠨ ᠣᠷᠣᠨ ᠪᠦᠰᠡ ᠳᠤ ᠵᠠᠮ ᠬᠠᠷᠢᠯᠴᠠᠭᠠᠨ ᠤ ᠵᠢᠯᠤᠭᠤᠳᠬᠤ ᠲᠡᠮᠳᠡᠭ ᠭᠠᠷᠭᠠᠵᠤ᠂  ᠮᠠᠰᠢᠨ ᠲᠡᠷᠭᠡᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠱᠤᠭᠤᠮ ᠢᠶᠠᠷ ᠲᠡᠷᠭᠡ ᠵᠣᠭᠰᠣᠭᠠᠵᠤ᠂  ᠡᠵᠡᠩᠨᠡᠯᠲᠡ ᠶᠢᠨ ᠬᠡᠷᠡᠭᠴᠡᠭᠡ ᠲᠠᠢ ᠬᠤᠳᠠᠯᠳᠤᠭᠠᠨ ᠤ ᠡᠷᠦᠬᠡ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ  ᠨᠢᠭᠡᠳᠦᠯᠲᠡᠢ ᠬᠠᠮᠢᠶᠠᠷᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠪᠠ ᠵᠣᠭᠰᠣᠭᠠᠬᠤ ᠠᠵᠢᠯ ᠢ ᠲᠥᠪᠯᠡᠷᠡᠭᠦᠯᠦᠨ ᠵᠢᠷᠤᠮᠵᠢᠭᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠪᠲᠡᠷᠡᠬᠦ ᠶᠢ ᠨᠥᠯᠥᠭᠡᠯᠡᠵᠦ ᠪᠣᠯᠬᠤ ᠦᠭᠡᠢ᠂ ᠪᠠᠭ᠎ᠠ ᠲᠣᠭᠤᠷᠢᠭ ᠤᠨ ᠭᠠᠳᠠᠨᠠᠬᠢ ᠵᠠᠮ ᠤᠨ ᠬᠤᠶᠠᠷ ᠬᠠᠵᠠᠭᠤ ᠶᠢᠨ ᠱᠤᠭᠤᠮ ᠵᠢᠷᠤᠵᠤ ᠲᠡᠷᠭᠡ ᠵᠣᠭᠰᠣᠬᠤ ᠣᠷᠣᠨ ᠪᠦᠰᠡ ᠶᠢ ᠬᠥᠲᠥᠯᠥᠨ ᠵᠢᠯᠤᠭᠤᠳᠴᠤ ᠬᠠᠮᠢᠶᠠᠷᠬᠤ ᠶᠢ ᠴᠢᠩᠭᠠᠳᠬᠠᠵᠤ᠂ ᠬᠠᠷᠠᠵᠤ ᠬᠠᠮᠢᠶᠠᠷᠬᠤ ᠬᠥᠮᠦᠨ ᠦᠭᠡᠢ ᠲᠡᠷᠭᠡ ᠬᠥᠰᠬᠡ ᠶᠢ ᠨᠢᠭᠡᠳᠦᠯᠲᠡᠶ ᠬᠠᠮᠢᠶᠠᠷᠬᠤ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠲᠡᠷᠭᠡ ᠵᠣᠭᠰᠣᠭᠠᠬᠤ ᠣᠷᠣᠨ ᠪᠦᠰᠡ ᠶᠢᠨ ᠠᠰᠢᠭᠯᠠᠯᠲᠠ ᠶᠢᠨ ᠨᠣᠷᠮ᠎ᠠ ᠶᠢᠨ ᠳᠡᠭᠡᠭᠰᠢᠯᠡᠭᠦᠯᠵᠦ᠂ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠪᠠᠭ᠎ᠠ ᠲᠣᠭᠤᠷᠢᠭ ᠤᠨ ᠨᠣᠭᠤᠭᠠᠷᠠᠭᠤᠯᠤᠯᠲᠠ ᠪᠠ ᠬᠠᠲᠠᠭᠤᠷᠠᠯ ᠡᠪᠳᠡᠭᠳᠡᠭᠰᠡᠨ ᠣᠷᠣᠨ ᠪᠦᠰᠡ᠂ ᠨᠡᠶᠢᠭᠡᠮ ᠲᠣᠭᠤᠷᠢᠭ ᠪᠠ ᠠᠳᠠᠯ ᠠᠬᠤᠶ ᠵᠣᠬᠢᠴᠠᠯᠳᠤᠨ᠂ ᠣᠷᠣᠰᠢᠵᠤ ᠪᠠᠶᠢᠭ᠎ᠠ ᠠᠰᠠᠭᠤᠳᠠᠯ ᠢ ᠲᠦᠢᠯᠪᠤᠷᠢᠲᠠᠶ ᠰᠠᠶᠢᠵᠢᠷᠠᠭᠤᠯᠵᠤ᠂ ᠬᠠᠲᠠᠭᠤ ᠬᠡᠷᠡᠭᠰᠡᠯ ᠤᠨ  ᠲᠡᠭᠦᠯᠳᠡᠷᠵᠢᠯᠲᠡ  ᠶᠢ ᠴᠢᠩᠭᠠᠳᠬᠠᠨ᠎ᠠ᠃ ᠪᠠᠭ᠎ᠠ ᠲᠣᠭᠤᠷᠢᠭ ᠤᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠤᠨ ᠠᠷᠢᠭᠤᠨ ᠴᠡᠪᠡᠷ ᠤᠨ ᠬᠠᠮᠢᠶᠠᠷᠤᠯᠲᠠ ᠶᠢ ᠰᠤᠯᠠᠷᠠᠭᠤᠯᠵᠤ ᠪᠣᠯᠬᠤ ᠦᠭᠡᠢ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠨᠣᠬᠠᠶ ᠲᠡᠵᠢᠭᠡᠬᠦ ᠶᠢ ᠢᠳᠡᠪᠬᠢᠲᠡᠶ ᠪᠠᠷ ᠰᠠᠨᠠᠭᠠᠴᠢᠯᠠᠵᠤ᠂ ᠡᠷᠡᠭᠦᠯ  ᠬᠠᠮᠠᠭᠠᠯᠠᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠪᠠᠭ᠎ᠠ ᠲᠣᠭᠤᠷᠢᠭ ᠤᠨ ᠤᠬᠠᠭᠤᠯᠭ᠎ᠠ ᠶᠢᠨ ᠰᠠᠮᠪᠠᠷ᠎ᠠ᠂ ᠡᠯᠭᠦᠭᠡ ᠪᠢᠴᠢᠭᠡᠰᠦ ᠶᠢᠨ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠱᠠᠯᠢᠨ ᠪᠦᠷᠢᠯᠭᠡᠬᠦ ᠦᠭᠡᠢ ᠪᠠᠶᠢᠵᠤ᠂ ᠣᠷᠴᠢᠨ ᠲᠣᠭᠤᠷᠢᠨ ᠢ ᠵᠦᠶ ᠵᠣᠬᠢᠰᠲᠠᠶ ᠪᠤᠢ ᠪᠣᠯᠭᠠᠬᠤ ᠬᠡᠷᠡᠭᠲᠡᠶ᠃ ᠹᠦ᠋ ᠶᠤᠸᠠᠨ ᠵᠢᠶᠠ ᠶᠤᠸᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡᠨ ᠳᠤ᠂ ᠢᠦᠶ ᠾᠦᠢ ᠲᠤᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠲᠥᠪ ᠤᠨ ᠵᠡᠮᠳᠡᠭᠴᠦᠳ ᠤᠨ ᠡᠷᠡᠭᠦᠯᠵᠢᠯ ᠤᠨ ᠪᠠᠶᠢᠳᠠᠯ᠂ ᠡᠳᠦᠷ ᠤᠨ ᠬᠠᠷᠠᠭᠠᠯᠵᠠᠬᠤ ᠲᠠᠰᠤᠭ᠂ ᠭᠠᠷ ᠤᠷᠠᠯᠠᠯ ᠤᠨ ᠪᠦᠲᠦᠭᠡᠭᠳᠡᠬᠦᠨ ᠤ ᠠᠵᠢᠯᠯᠠᠬᠤ ᠲᠠᠰᠤᠭ᠂ ᠰᠠᠭᠤᠭᠠᠯᠢ ᠠᠷᠠᠳ ᠤᠨ ᠲᠣᠭᠯᠠᠯᠲᠠ ᠶᠢᠨ ᠲᠠᠰᠤᠭ ᠵᠡᠷᠭᠡ ᠣᠯᠠᠨ ᠨᠡᠶᠢᠲᠡ ᠶᠢᠨ ᠣᠷᠣᠨ ᠵᠠᠶ ᠶᠢᠨ ᠡᠵᠡᠩᠨᠡᠯᠲᠡ ᠶᠢᠨ ᠪᠠᠶᠢᠳᠠᠯ ᠢ  ᠨᠠᠷᠢᠨ ᠣᠶᠢᠯᠠᠭᠠᠬᠤ ᠶᠢᠨ ᠬᠠᠮᠲᠤ᠂ ᠬᠠᠷᠰᠢ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ  ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠤᠳᠤ ᠪᠠᠶᠢᠭ᠎ᠠ ᠤᠯᠠᠨ ᠨᠡᠶᠢᠲᠡ ᠶᠢᠨ ᠡᠬᠢ ᠪᠠᠶᠠᠯᠢᠭ ᠢ ᠭᠦᠶ᠋ᠴᠡᠳ ᠠᠰᠢᠭᠯᠠᠵᠤ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠬᠠᠩᠭᠠᠵᠤ᠂ ᠤᠯᠠᠨ ᠡᠰᠢᠵᠢᠬᠦᠯᠤᠨ ᠪᠣᠯᠪᠠᠰᠤᠨ ᠤ ᠬᠡᠮᠵᠢᠶ᠎ᠡ ᠶᠢ ᠢᠯᠡᠷᠡᠭᠦᠯᠬᠦ ᠬᠡᠷᠡᠭᠲᠡᠶ᠃ ᠲᠠᠲᠠᠪᠤᠷᠢᠯᠠᠬᠤ ᠣᠷᠣᠨ ᠪᠦᠰᠡ ᠶᠢᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠢᠦᠶ ᠾᠦᠢ ᠲᠤᠤ ᠵᠢᠭᠠᠵᠤ ᠭᠠᠷᠭᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠮᠢᠶ᠎ᠠ ᠨᠠᠮᠢᠶ᠎ᠠ ᠦᠭᠡᠢ ᠲᠠᠲᠠᠵᠤ ᠬᠤᠭ ᠨᠣᠪᠰᠢ ᠬᠠᠶᠠᠵᠤ  ᠪᠠᠶᠢᠭ᠎ᠠ ᠦᠵᠡᠭᠳᠡᠯ ᠢ ᠶᠡᠷᠦᠩᠬᠡᠶᠢᠯᠡᠨ ᠬᠠᠮᠢᠶᠠᠷᠴᠤ᠂ ᠰᠢᠳᠬᠡᠨ ᠲᠣᠷᠭᠠᠬᠤ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠤᠨ᠎ᠠ᠃ ᠣᠳᠣ ᠶᠢᠨ ᠪᠠᠶᠢᠭ᠎ᠠ ᠬᠠᠲᠠᠭᠤ ᠲᠣᠨᠤᠭ ᠲᠥᠬᠦᠭᠡᠷᠦᠮᠵᠢ ᠶᠢ ᠠᠰᠢᠭᠯᠠ᠂ ᠠᠮᠢᠳᠤᠷᠠᠯ ᠤᠨ ᠬᠤᠭ ᠨᠣᠪᠰᠢ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠵᠦ᠂ ᠬᠤᠲᠠ ᠲᠤᠭᠤᠷᠢᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠵᠢᠭᠯᠠᠬᠤ ᠬᠡᠷᠡᠭᠲᠡᠶ᠃    ᠢᠦᠶ ᠾᠦᠢ ᠲᠤᠤ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢ  ᠨᠢᠭᠡᠳᠦᠯᠲᠡᠢ ᠲᠥᠯᠥᠪᠯᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠵᠢᠵᠢᠭ ᠲᠣᠭᠤᠷᠢᠭ ᠪᠣᠯᠤᠨ ᠠᠳᠠᠯ ᠠᠬᠤᠶ ᠬᠤᠯᠪᠣᠭᠠᠯᠠᠨ ᠬᠥᠳᠡᠯᠦᠯᠴᠡᠵᠦ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠢᠨ ᠳᠠᠩᠰᠠ ᠲᠠᠲᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠦᠢᠯᠪᠤᠷᠢᠲᠠᠶ ᠰᠠᠶᠢᠵᠢᠷᠠᠭᠤᠯᠬᠤ ᠬᠡᠷᠡᠭᠲᠡᠶ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠴᠢᠳᠠᠪᠤᠷᠢ ᠪᠠᠨ ᠲᠣᠳᠣᠷᠬᠠᠶᠢᠯᠠᠵᠤ᠂  ᠬᠠᠮᠢᠶᠠᠷᠤᠯᠲᠠ ᠶᠢᠨ ᠭᠤᠣᠯ ᠴᠣᠭᠴᠠ ᠪᠠᠨ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂  ᠬᠤᠤᠰ ᠬᠤᠲᠠ ᠶᠢ ᠬᠠᠮᠲᠤ ᠪᠠᠷ ᠡᠭᠦᠳᠬᠦ ᠠᠵᠢᠯ ᠢ ᠦᠷᠭᠦᠯᠵᠢᠯᠡᠨ ᠠᠬᠢᠭᠤᠯᠵᠤ᠂ ᠵᠢᠷᠤᠮᠵᠢᠯ ᠲᠠᠢ᠂ ᠡᠮᠬᠢ ᠵᠢᠷᠤᠮ   ᠲᠠᠢ  ᠂ ᠪᠣᠯᠪᠠᠰᠤᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠶ᠃    ᠯᠢᠦ ᠵᠢᠶᠠᠨ ᠱᠧᠩ ᠨᠡᠷ ᠤᠷᠢᠳ ᠬᠤᠵᠢᠳ ᠱᠢ ᠵᠢᠶᠧ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠭᠡᠮ ᠲᠣᠭᠤᠷᠢᠭ ᠵᠢᠴᠢ ᠫᠢᠩ ᠠᠨ ᠨᠠᠨ ᠨᠡᠶᠢᠭᠡᠮ ᠲᠣᠭᠤᠷᠢᠭ ᠲᠤ ᠬᠦᠷᠪᠡ᠃ ᠭᠠᠵᠠᠷ ᠪᠣᠯᠭᠠᠨ ᠳᠤ ᠬᠦᠷᠴᠦ ᠰᠤᠷᠪᠤᠯᠵᠢᠯᠠᠭᠰᠠᠨ ᠤ ᠳᠠᠷᠠᠭ᠎ᠠ᠂ ᠯᠢᠦ ᠵᠢᠶᠠᠨ ᠱᠧᠩ ᠪᠦᠷ ᠬᠥᠮᠦᠰ ᠢ ᠴᠤᠭᠯᠠᠭᠤᠯᠤᠨ ᠳᠥᠭᠦᠮᠬᠡᠨ ᠶᠠᠷᠢᠯᠴᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠲᠦᠷᠦᠭᠳᠡᠯ ᠵᠢᠴᠢ ᠰᠢᠢᠳᠪᠦᠷᠢᠯᠡᠬᠦ ᠲᠥᠰᠦᠯ ᠢ ᠶᠠᠷᠢᠭᠤᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂ ᠬᠤᠶᠠᠷ ᠭᠠᠵᠠᠷ ᠲᠤ ᠴᠥᠮ ᠬᠤᠲᠠ ᠶᠢ ᠡᠭᠦᠳᠦᠨ ᠪᠠᠶᠢᠭᠤᠯᠬᠤ ᠠᠭᠤᠷ ᠠᠮᠢᠰᠬᠤᠯ  ᠭᠦᠢᠵᠡᠭᠡᠢ ᠪᠢᠰᠢ᠂ ᠬᠠᠭᠤᠴᠢᠨ ᠤᠬᠠᠭᠤᠯᠭ᠎ᠠ ᠪᠠᠨ ᠴᠠᠭ ᠲᠤᠬᠠᠶ ᠳᠤᠨᠢ ᠰᠣᠯᠢᠭᠰᠠᠨ ᠥᠬᠡᠶ ᠠᠰᠠᠭᠤᠳᠠᠯ ᠣᠷᠣᠰᠢᠵᠤ ᠪᠠᠶᠢᠨ᠎ᠠ᠃ ᠫᠢᠩ ᠠᠨ ᠨᠡᠶᠢᠭᠡᠮ ᠲᠣᠭᠤᠷᠢᠭ ᠤᠨ ᠫᠢᠩ ᠠᠨ ᠨᠠᠨ ᠰᠠᠭᠤᠭᠠᠯᠢ ᠲᠣᠭᠤᠷᠢᠭ ᠲᠤ ᠲᠡᠷᠭᠡ ᠬᠥᠰᠬᠡ ᠲᠠᠯᠪᠢᠬᠤ᠂ ᠡᠷᠡᠭᠦᠯ ᠬᠠᠮᠠᠭᠠᠯᠠᠯ ᠤᠨ ᠪᠤᠯᠤᠩ ᠲᠤᠬᠤᠢ ᠶᠢ ᠲᠦᠢᠯᠪᠤᠷᠢᠲᠠᠶ ᠴᠡᠪᠡᠷᠯᠡᠬᠦ ᠲᠠᠯ᠎ᠠ ᠪᠠᠷ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠯᠢᠦ ᠵᠢᠶᠠᠨ ᠱᠧᠩ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠠᠵᠢᠯᠲᠠᠳ ᠣᠷᠴᠢᠨ  ᠲᠤᠭᠤᠷᠢᠨ ᠤ ᠠᠷᠢᠭᠤᠨ ᠴᠡᠪᠡᠷ ᠨᠡᠶᠢᠭᠡᠮ ᠲᠣᠭᠤᠷᠢᠭ ᠤᠨ ᠪᠠᠶᠢᠰᠢᠩ ᠤᠨ ᠬᠦᠷᠢᠶᠡᠨ ᠳᠠᠬᠢ ︽ᠬᠤᠲᠠ ᠶᠢ ᠡᠭᠦᠳᠦᠨ ᠤ ᠠᠶᠢᠭᠤᠯᠬᠤ︾ ᠠᠰᠠᠭᠤᠳᠠᠯ ᠢ ᠭᠤᠤᠯᠳᠠᠯᠭ᠎ᠠ ᠲᠠᠢ ᠠᠵᠢᠯ ᠪᠣᠯᠭᠠᠨ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠨᠡᠶᠢᠭᠡᠮ ᠲᠣᠭᠤᠷᠢᠭ ᠤᠨ ᠪᠠᠶᠢᠰᠢᠩ ᠤᠨ ᠬᠦᠷᠢᠶᠡᠨ ᠳᠤ ᠳᠠᠬᠢᠨ ᠬᠠᠷᠠᠭᠳᠠᠬᠤ ᠦᠵᠡᠭᠳᠡᠯ ᠣᠷᠣᠰᠢᠵᠤ ᠪᠠᠶᠢᠭ᠎ᠠ ᠪᠣᠯᠬᠤᠷ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠷᠢᠬᠤ ᠵᠡᠷᠭᠡ ᠠᠰᠠᠭᠤᠳᠠᠯ ᠬᠦᠨᠳᠦ ᠨᠣᠴᠢᠲᠠᠶ ᠣᠷᠣᠰᠢᠵᠤ ᠪᠠᠶᠢᠨ᠎ᠠ᠃ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠰᠠᠭᠤᠳᠠᠯ ᠤᠨ ᠨᠠᠷᠢᠨ ᠳᠠᠩᠰᠠ ᠶᠢ ᠡᠮᠬᠢᠯᠡᠵᠦ᠂ ᠪᠣᠳᠠᠲᠠᠶ ᠬᠠᠷᠢᠭᠤᠴᠠᠯᠭᠠᠲᠠᠨ ᠳᠤ ᠬᠦᠷᠲᠡᠯ᠎ᠡ ᠨᠠᠷᠢᠯᠢᠭᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ ᠰᠢᠢᠳᠪᠦᠷᠢᠯᠡᠬᠦ ᠴᠢᠬᠤᠯᠨ ᠲᠠᠢ ᠶᠢ ᠴᠠᠭ ᠢ ᠠᠮᠵᠢᠨ ᠳᠡᠭᠡᠭᠰᠢ ᠮᠡᠳᠡᠭᠳᠡᠵᠤ᠂ ᠨᠡᠩ ᠤᠯᠠᠨ ᠬᠦᠮᠦᠨ ᠪᠠ ᠴᠠᠭ ᠵᠠᠷᠤᠴᠠᠭᠤᠯᠵᠤ ᠪᠠᠶᠢᠭᠠᠳ ᠳᠤᠷ᠎ᠠ ᠪᠠᠷ ᠤᠪᠤᠭᠠᠯᠠᠵᠤ ᠳᠤᠷ᠎ᠠ ᠪᠠᠷ ᠲᠠᠯᠪᠢᠬᠤ ᠶᠢ ᠲᠤᠶᠢᠯᠪᠤᠷᠢᠲᠡᠢ ᠰᠢᠢᠳᠪᠦᠷᠢᠯᠡᠵᠦ᠂ ᠠᠷᠢᠭᠤᠨ ᠴᠡᠪᠡᠷ ᠤᠨ ᠱᠦᠭᠦᠷᠳᠡᠨ ᠠᠷᠢᠯᠭᠠᠬᠤ ᠬᠦᠴᠦᠯᠡᠴᠡ ᠪᠠᠨ ᠴᠢᠩᠭᠠᠳᠬᠠᠨ᠎ᠠ᠃ ᠡᠭᠦᠨ ᠤ ᠬᠠᠮᠳᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠮᠵᠢᠯᠴᠠᠭ᠎ᠠ ᠲᠠᠢ ᠪᠠᠷ ᠬᠤᠭ ᠨᠤᠪᠰᠢ  ᠶᠢᠨ ᠭᠠᠵᠠᠷ ᠪᠠ ᠪᠤᠬᠢᠷ ᠤᠰᠤᠨ ᠤ ᠰᠤᠪᠠᠭ ᠤᠨ ᠵᠦᠩᠳᠡᠬᠡᠨ ᠪᠦᠭᠯᠡᠷᠡᠬᠦ ᠠᠰᠠᠭᠤᠳᠠᠯ ᠢ ᠲᠤᠶᠢᠯᠪᠦᠷᠢᠲᠡᠢ ᠰᠢᠢᠳᠪᠦᠷᠢᠯᠡᠨ᠎ᠡ᠃ ᠳᠡᠷᠡ ᠵᠢᠭᠠᠵᠤ ᠭᠠᠷᠭᠠᠬᠤ ᠳᠠᠭᠠᠨ᠂ ᠵᠠᠯᠬᠠᠭᠠᠬᠤ ᠬᠦᠴᠦᠨ ᠪᠠ ᠰᠢᠢᠳᠭᠡᠬᠦ ᠨᠠᠷᠢᠨ ᠵᠦᠢᠯᠡᠰ ᠤᠨ ᠠᠰᠠᠭᠤᠳᠠᠯ ᠢ ᠴᠢᠩᠭᠠᠳᠬᠠᠨ᠂ ᠦᠢᠯᠨ ᠠᠵᠢᠯᠯᠠᠭ᠎ᠠ ᠪᠤᠯᠤᠨ ᠤᠬᠠᠭᠤᠯᠭ᠎ᠠ ᠶᠢᠨ ᠬᠡᠯᠪᠡᠷᠢ ᠪᠠᠷ ᠬᠤᠲᠠ ᠪᠠᠨ ᠡᠭᠦᠳᠦᠨ ᠪᠠᠶᠢᠭᠤᠯᠤᠭᠰᠠᠨ ᠢ ᠳᠠᠬᠢᠨ ᠪᠠᠶᠢᠴᠠᠭᠠᠬᠤ ᠠᠵᠢᠯ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠮᠡᠳᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ ︽ᠬᠦᠮᠦᠨ ᠪᠦᠬᠦᠨ ᠬᠤᠲᠠ ᠪᠠᠶᠢᠭᠤᠯᠬᠤ ᠳᠤ ᠤᠷᠤᠯᠴᠠᠵᠤ᠂ ᠬᠦᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠡᠭᠦᠨ ᠤ ᠬᠠᠮᠳᠤ ᠬᠤᠲᠠ ᠪᠠᠶᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠴᠢᠩᠭ᠎ᠠ ᠱᠠᠭᠠᠷᠳᠠᠨ᠂ ᠡᠯ᠎ᠡ ᠲᠠᠯ᠎ᠠ ᠶᠢᠨ ᠠᠵᠢᠯ ᠢᠶᠠᠨ ᠨᠠᠶᠢᠳᠠᠪᠤᠷᠢᠵᠢᠭᠤᠯᠬᠤ ᠶᠢ ᠪᠠᠳᠤᠯᠠᠵᠤ᠂ ︽ᠬᠤᠲᠠ ᠪᠠᠶᠢᠭᠤᠯᠤᠭᠰᠠᠨ ᠢ ᠳᠠᠬᠢᠨ ᠪᠠᠶᠢᠴᠠᠭᠠᠬᠤ︾ ᠪᠤᠭᠤᠮᠲᠠ ᠰᠢᠪᠲᠤᠯᠬᠤ ᠳᠠᠶᠢᠨ ᠤ ᠢᠯᠠᠯᠲᠠ ᠶᠢ ᠤᠯᠬᠤ ᠬᠡᠷᠡᠭᠲᠡᠢ᠃      ᠱᠤᠤ ᠶᠠᠨ ᠵᠢᠶᠦ᠋ᠨ ᠳᠡᠷᠢᠭᠦᠲᠡᠢ ᠪᠠᠶᠢᠴᠠᠭᠠᠬᠤ ᠠᠩᠬᠢ ᠤᠷᠢᠳ ᠬᠤᠵᠢᠳ ᠬᠤᠷᠴᠢᠨ ᠵᠡᠭᠡᠯᠢ ᠭᠤᠳᠤᠮᠵᠢ ᠶᠢᠨ ᠶᠠᠩ ᠭᠤᠸᠠᠩ  ᠤᠷᠤᠨ ᠰᠠᠭᠤᠴᠠ᠂ ᠯᠢ ᠨᠦᠩ ᠤᠷᠤᠨ ᠰᠠᠭᠤᠴᠠ᠂ ᠴᠠᠬᠢᠯᠭᠠᠨ ᠦᠢᠯᠡᠰ ᠤᠨ ᠤᠷᠤᠨ ᠰᠠᠭᠤᠴᠠ᠂ ᠪᠠᠶᠢᠴᠠᠭᠠᠬᠤ ᠲᠤᠪᠴᠢᠶᠠᠨ ᠤ ᠤᠷᠤᠨ ᠰᠠᠭᠤᠴᠠ᠂ ᠭᠠᠳᠠᠭᠠᠳᠤ ᠠᠷᠠᠯᠵᠢᠶᠠᠨ ᠤ ᠤᠷᠤᠨ ᠰᠠᠭᠤᠴᠠ᠂ ᠪᠦᠭᠡᠮ ᠢᠶᠠᠷ ᠬᠤᠳᠠᠯᠳᠤᠬᠤ ᠬᠤᠲᠠ ᠵᠡᠷᠭᠡ ᠭᠠᠵᠠᠷ ᠤᠨ ᠲᠤᠬᠠᠢ ᠶᠢᠨ ᠭᠠᠵᠠᠷ ᠲᠤ ᠰᠤᠷᠪᠤᠯᠵᠢᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠲᠠ ᠪᠠᠶᠢᠭᠤᠯᠤᠭᠰᠠᠨ ᠢ ᠳᠠᠬᠢᠨ ᠪᠠᠶᠢᠴᠠᠭᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠭᠤᠤᠯᠳᠠᠯᠭ᠎ᠠ ᠲᠠᠢ ᠪᠠᠷ ᠤᠷᠤᠨ ᠰᠠᠭᠤᠴᠠ ᠶᠢᠨ ᠤᠷᠴᠢᠨ ᠲᠤᠭᠤᠷᠢᠨ ᠤ ᠡᠷᠭᠦᠯ ᠬᠠᠮᠠᠭᠠᠯᠠᠯ᠂ ᠲᠤᠷ᠎ᠠ ᠲᠠᠪᠠ ᠪᠠᠷ ᠢᠶᠠᠨ ᠪᠠᠷᠢᠭᠰᠠᠨ᠂ ᠬᠤᠳᠠᠯᠳᠤᠭᠠᠴᠢᠨ ᠵᠠᠮ ᠡᠵᠡᠯᠡᠨ ᠡᠵᠡᠩᠨᠡᠭᠰᠡᠨ᠂ ᠭᠡᠷ ᠤᠨ ᠭᠠᠳᠠᠨᠠᠬᠢ ᠵᠠᠷ ᠮᠡᠳᠡᠭᠡ᠂ ᠨᠡᠶᠢᠲᠡ ᠶᠢᠨ ᠲᠤᠭᠤᠢ ᠲᠡᠷᠭᠡ  ᠡᠷᠦᠢ ᠬᠤᠷᠤᠢ ᠦᠭᠡᠢ ᠲᠠᠯᠪᠢᠭᠰᠠᠨ᠂ ᠴᠠᠬᠢᠯᠭᠠᠨ ᠬᠡᠷᠡᠭᠯᠡᠬᠦ ᠳᠤ ᠵᠠᠮ ᠢ ᠳᠤᠷ᠎ᠠ ᠵᠤᠷᠢᠭ ᠢᠶᠠᠷ ᠡᠪᠳᠡᠨ ᠮᠠᠯᠳᠠᠭᠰᠠᠨ ᠵᠡᠷᠭᠡ ᠲᠤᠪᠤᠶᠢᠮ᠎ᠠ ᠠᠰᠠᠭᠤᠳᠠᠯ ᠤᠳ ᠤᠷᠤᠰᠢᠵᠤ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号