6 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠳ᠋ᠦ᠋ ᠾᠦᠢ ᠯᠢᠶᠠᠩ ᠬᠤᠷᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ | ᠰᠤᠳᠤᠯᠤᠯᠲᠠ ᠬᠢᠪᠠ᠃ ᠲᠤᠭᠤᠷᠢᠭ ᠤᠨ ᠤᠳᠤᠷᠢᠳᠤᠯᠭ᠎ᠠ ᠳ᠋ᠦ᠋ ᡁᠢ ᠵᠢᠶᠦ᠋ᠨ᠂ ᠯᠢ ᠱᠸᠦ ᠰᠢᠨ ᠪᠠᠷ᠎ᠠ ᠪᠣᠯᠵᠣ᠂ | ᠲᠤᠭᠤᠷᠢᠭ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠣᠶ ᠰᠢᠭᠤᠶ ᠨᠤᠲᠤᠭ | ᠪᠡᠯᠴᠢᠭᠡᠷ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | ᠳ᠋ᠦ᠋ ᠬᠤᠢ ᠯᠢᠶᠠᠩ ᠨᠠᠷ ᠤᠷᠢᠳ ᠬᠤᠵᠢᠳ ᠨᠠᠷᠢᠯᠢᠭ ᠠᠵᠤ ᠦᠢᠯᠡᠳᠪᠦᠷᠢ ᠶᠢᠨ ᠪᠢᠳᠤᠷᠢᠶ᠎ᠠ ᠺᠣᠮᠫᠠᠨᠢ ᠶᠢᠨ | ᠤᠶᠢᠷᠠᠯᠴᠠᠬᠢ ᠴᠠᠬᠢᠯᠭᠠᠨ ᠬᠤᠪᠢᠰᠬᠠᠬᠤ ᠦᠷᠳᠡᠭᠡ᠂ ᠮᠡᠯᠡᠬᠡᠶᠢᠲᠦᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠯᠦᠩ ᠱᠧᠩ ᠹᠧᠩ ᠪᠠᠶᠢᠭᠠᠯᠢ ᠶᠢᠨ ᠰᠢᠲᠠᠮᠠᠬᠠᠢ ᠬᠡᠢ ᠶᠢᠨ ᠡᠭᠦᠳᠡ ᠦᠷᠳᠡᠭᠡ ᠵᠡᠷᠭᠡ ᠭᠠᠵᠠᠷ ᠲᠤ ᠬᠦᠷᠴᠦ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠦᠷᠢᠶᠡᠯᠡᠩ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠤᠶᠢᠯᠠᠭᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠳ᠋ᠦ᠋ ᠾᠦᠢ ᠯᠢᠶᠠᠩ ᠵᠢᠭᠠᠵᠤ ᠭᠠᠷᠭᠠᠭᠰᠠᠨ ᠨᠢ᠂ ᠬᠦᠷᠢᠶᠡᠯᠡᠩ | ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ | ᠴᠢᠳᠠᠪᠤᠷᠢ ᠪᠠᠨ ᠴᠢᠩᠭᠠᠳᠬᠠᠵᠤ᠂ ᠪᠣᠬᠢᠷᠲᠤᠯ ᠦᠭᠡᠢ ᠴᠢᠨᠠᠷ ᠰᠠᠶᠢᠲᠠᠢ ᠣᠳᠣᠬᠢᠴᠢᠯᠠᠭᠰᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠨᠢᠭᠡ ᠳᠤ ᠪᠣᠬᠢᠷᠲᠤᠯ ᠦᠭᠡᠢ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠰᠦᠪᠡᠭᠴᠢᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠪᠣᠬᠢᠷᠲᠤᠯ ᠦᠭᠡᠢ᠂ ᠭᠦᠢᠴᠡᠳᠬᠡᠯ ᠲᠤᠭ᠎ᠠ ᠶᠢᠨ | ᠳᠤᠮᠳᠠ ᠪᠣᠬᠢᠷᠲᠤᠯ ᠦᠭᠡᠢ ᠪᠠᠶᠢᠬᠤ ᠶᠢ ᠢᠯᠡᠷᠡᠭᠦᠯᠦᠨ᠎ᠡ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ | ᠡᠷᠭᠢᠯᠳᠦᠭᠦᠯᠦᠨ ᠠᠰᠢᠭᠯᠠᠬᠤ᠂ ᠥᠨᠳᠥᠷ ᠪᠦᠲᠦᠮᠵᠢᠲᠡᠶ ᠣᠷᠴᠢᠨ ᠲᠣᠭᠤᠷᠢᠨ ᠢ ᠬᠠᠮᠠᠭᠠᠯᠠᠬᠤ ᠶᠢ ᠬᠦᠷᠢᠶᠡᠯᠡᠩ | ᠲᠣᠭᠤᠷᠢᠭ ᠤᠨ ᠦᠢᠯᠡᠳᠪᠦᠷᠢᠯᠡᠯ᠂ ᠡᠵᠡᠩᠨᠡᠯᠲᠡ ᠂ ᠪᠠᠭᠠᠰᠬᠠᠬᠤ ᠪᠥᠬᠦ ᠶᠠᠪᠤᠴᠠ ᠳᠤ ᠦᠨᠡᠨᠬᠦ ᠲᠤᠤᠱᠯᠠᠭᠤᠯᠬᠤ | ᠬᠡᠷᠡᠭᠲᠡᠶ᠃ ᠲᠦᠩᠯᠢᠶᠣᠤ ᠬᠤᠲᠠ ᠶᠢᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ | ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠪᠦᠬᠦᠯᠢ ᠴᠣᠭᠴᠠ ᠶᠢᠨ ᠴᠠᠬᠢᠯᠭᠠᠨ ᠬᠠᠩᠭᠠᠬᠤ | ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ︔ ᠤᠰᠤ ᠠᠷᠪᠢᠯᠠᠬᠤ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠵᠡᠷᠭᠡ ᠪᠠᠷ | ᠭᠠᠷᠳᠠᠮ ᠪᠣᠯᠭᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠶᠠᠪᠤᠳᠠᠯ ᠢ ᠬᠢᠨᠠᠮᠠᠭᠠᠶ ᠰᠠᠶᠢᠲᠤᠷ ᠲᠥᠯᠥᠪᠯᠡᠬᠦ | ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠲᠦᠷᠦᠯ | ᠵᠦᠢᠯᠴᠢᠯᠡᠭᠰᠡᠨ ᠠᠷᠭ᠎ᠠ ᠪᠠᠷᠢᠯ ᠵᠡᠷᠭᠡ ᠠᠷᠭ᠎ᠠ ᠬᠡᠯᠪᠡᠷᠢ ᠪᠠᠷ ᠳᠠᠮᠵᠢᠨ ᠬᠡᠢ ᠪᠡᠶᠡᠲᠦ ᠭᠠᠳᠠᠭᠰᠢᠯᠠᠭᠤᠯᠬᠤ᠂ ᠬᠠᠶᠠᠭᠳᠠᠮᠠᠯ | ᠰᠢᠭᠠᠷᠤ ᠶᠢ ᠰᠢᠢᠳᠪᠦᠷᠢᠯᠡᠬᠦ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ | ᠬᠠᠷᠢᠭᠤ ᠥᠭᠭᠦᠨ᠎ᠡ᠃ ᠬᠤᠶᠠᠷ ᠲᠤ ᠮᠦ ᠪᠦᠷᠢ ᠶᠢᠨ ᠤᠨᠠᠯᠲᠠ ᠪᠠᠷ ᠪᠠᠭᠠᠲᠤᠷ ᠢ ᠦᠨᠡᠯᠡᠬᠦ ᠶᠢ ᠪᠠᠷᠢᠮᠲᠠᠯᠠᠵᠤ᠂ | ᠬᠦᠷᠢᠶᠡᠯᠡᠩ ᠲᠣᠭᠤᠷᠢᠭ ᠤᠨ ᠣᠳᠣ ᠪᠠᠶᠢᠭ᠎ᠠ ᠠᠵᠤ ᠠᠬᠤᠶᠢᠯᠠᠯ ᠢ ᠥᠭᠡᠷᠡᠴᠢᠯᠡᠨ ᠳᠡᠰ ᠳᠡᠪᠰᠢᠭᠦᠯᠬᠦ ᠶᠢ | ᠲᠦᠷᠭᠡᠳᠭᠡᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠠᠬᠢᠭᠤᠯᠤᠨ᠎ᠠ᠃ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠦᠬᠦ ᠲᠠᠯ᠎ᠠ ᠳᠤ | ᠰᠠᠭᠤᠷᠢᠯᠠᠵᠤ᠂ ᠨᠢᠭᠡᠳᠦᠯᠲᠡᠶ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ ᠬᠢᠵᠦ᠂ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ | ᠴᠢᠬᠤᠯᠠ ᠶᠡᠭᠡ ᠪᠣᠳᠠᠲᠤ ᠬᠡᠷᠡᠭᠴᠡᠭᠡ ᠶᠢᠨ ᠲᠣᠭᠤᠷᠢᠨ ᠳᠤ᠂ ᠰᠢᠨ᠎ᠡ ᠲᠥᠷᠥᠯ ᠵᠦᠢᠯ ᠰᠢᠨ᠎ᠡ ᠠᠵᠤ ᠠᠬᠤᠶᠢᠯᠠᠯ ᠢ | ᠥᠨᠳᠥᠷ ᠪᠠᠷᠢᠮᠵᠢᠶ᠎ᠠ ᠪᠠᠷ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠤᠷᠢᠭ ᠤᠨ ᠨᠠᠩ ᠣᠯᠠᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠠᠬᠢᠭᠤᠯᠵᠤ᠂ ᠨᠠᠩ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠦᠨ᠎ᠡ᠃ ᠭᠤᠷᠪᠠ ᠳᠤ ᠣᠳᠣᠬᠢᠴᠢᠯᠠᠭᠰᠠᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠠᠶᠤᠯᠭᠦᠢ | ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢ | ᠨᠡᠮᠡᠭᠳᠡᠭᠦᠯᠵᠦ᠂ ᠣᠶᠤᠨᠴᠢ ᠬᠠᠮᠢᠶᠠᠷᠤᠯᠲᠠ ᠶᠢᠨ ᠳᠥᠭᠦᠮ ᠳᠥᠲᠡ ᠬᠠᠮᠢᠶᠠᠷᠤᠯᠲᠠ ᠶᠢ ᠪᠡᠶᠡᠯᠡᠭᠦᠯᠵᠦ᠂ ᠬᠦᠷᠢᠶᠡᠯᠡᠩ | ᠲᠣᠭᠤᠷᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠳ᠋ᠦ᠋ ᠾᠦᠢ ᠯᠢᠶᠠᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ᠂ ᠬᠦᠷᠢᠶᠡᠯᠡᠩ ᠲᠣᠭᠤᠷᠢᠭ ᠲᠤ ᠦᠨᠡᠨᠬᠦ ᠳᠡᠮᠵᠢᠯᠭᠡ | ᠪᠠ ᠬᠠᠪᠰᠤᠷᠤᠯᠭ᠎ᠠ ᠦᠵᠡᠭᠦᠯᠵᠦ᠂ ᠬᠦᠷᠢᠶᠡᠯᠡᠩ ᠲᠣᠭᠤᠷᠢᠭ ᠤᠨ ᠬᠦᠭᠵᠢᠯᠲᠡ ᠶᠢ ᠲᠦᠷᠭᠡᠳᠬᠡᠵᠦ᠂ ᠬᠤᠷᠴᠢᠨ | ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ ᠭᠡᠪᠡ᠃ | | |