6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠳ᠋ᠦ᠋ ᠾᠦᠢ ᠯᠢᠶᠠᠩ ᠬᠤᠷᠴᠢᠨ ᠲᠣᠭᠤᠷᠢᠭ ᠤᠨ ᠬᠡᠰᠡᠭ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ | ᠬᠦᠷᠴᠦ ᠪᠠᠶᠢᠴᠠᠭᠠᠨ ᠰᠣᠳᠣᠯᠵᠤ ᠠᠵᠢᠯ ᠢ ᠵᠢᠭᠠᠨ ᠵᠢᠯᠣᠭᠤᠳᠪᠠ᠃ ᠲᠤᠭᠤᠷᠢᠭ ᠤᠨ ᠤᠳᠤᠷᠢᠳᠤᠯᠭ᠎ᠠ ᠯᠢᠦ ᠵᠢᠶᠠᠨ | ᠱᠧᠩ᠂ ᠱᠣᠣ ᠶᠠᠨ ᠵᠢᠶᠦ᠋ᠨ᠂ ᠯᠢ ᠱᠸᠦ ᠰᠢᠨ᠂ ᠯᠢᠦ ᠰᠢᠶᠣᠤ ᠾᠦᠢ ᠪᠠᠷ᠎ᠠ ᠪᠣᠯᠵᠤ᠂ ᠲᠤᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠤᠷᠤᠯᠴᠠᠪᠠ ᠃ | ᠳ᠋ᠦ᠋ ᠾᠦᠢ ᠯᠢᠶᠠᠩ ᠨᠠᠷ ᠤᠷᠢᠳ ᠬᠤᠵᠢᠳ ᠬᠤᠤᠯᠢᠨ ᠭᠤᠤᠯ ᠵᠡᠭᠡᠯᠢ ᠭᠤᠳᠤᠮᠵᠢ ᠶᠢᠨ ᠲᠦᠩ ᠰᠢᠨ | ᠬᠤᠶᠢᠲᠤ ᠲᠣᠭᠤᠷᠢᠭ᠂ ᠵᠡᠭᠦᠨ ᠳᠡᠭᠦᠷᠭᠡ ᠶᠢᠨ ᠵᠡᠭᠡᠯᠢ ᠭᠤᠳᠤᠮᠵᠢ ᠶᠢᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ | ᠠᠵᠢᠯᠯᠠᠬᠤ ᠲᠣᠭᠤᠷᠢᠭ᠂ ᠮᠢᠩ ᠷᠧᠨ ᠵᠡᠭᠡᠯᠢ ᠭᠤᠳᠤᠮᠵᠢ ᠶᠢᠨ ᠵᠦᠩ ᠶᠤᠸᠠᠨ ᠲᠣᠭᠤᠷᠢᠭ᠂ ᠭᠤᠷᠪᠠᠳᠤᠭᠠᠷ | ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠬᠠᠶ᠋ᠢᠭ᠂ ᠲᠠᠪᠤᠳᠤᠭᠠᠷ ᠬᠡᠤᠬᠡᠳ ᠤᠨ ᠴᠡᠴᠡᠷᠯᠢᠭ᠂ ᠵᠢᠶᠠᠨ | ᠭᠦᠸᠧ ᠵᠡᠭᠡᠯᠢ ᠭᠤᠳᠤᠮᠵᠢ ᠶᠢᠨ ᠵᠢᠶᠠᠨ ᠭᠦᠸᠧ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠬᠤᠲᠠ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠪᠠ ᠬᠠᠭᠤᠴᠢᠨ ᠲᠣᠭᠤᠷᠢᠭ ᠢ | ᠥᠭᠡᠷᠡᠴᠢᠯᠡᠨ ᠪᠠᠶᠢᠭᠤᠯᠬᠤ ᠵᠡᠷᠭᠡ ᠠᠵᠢᠯ ᠤᠨ ᠠᠬᠢᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠤᠷᠭᠠᠭᠤᠯᠢ ᠶᠢᠨ | ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠲᠥᠯᠥᠪᠵᠢᠭᠦᠯᠭᠡ ᠶᠢᠨ ᠭᠠᠵᠠᠷ ᠰᠤᠩᠭᠤᠭᠰᠠᠨ | ᠪᠠᠶᠢᠳᠠᠯ ᠢ ᠤᠶᠢᠯᠠᠭᠠᠪᠠ᠃ ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠪᠠ᠃ | ᠳ᠋ᠦ᠋ ᠾᠦᠢ ᠯᠢᠶᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠡᠷᠦᠩᠬᠡᠢ ᠱᠦᠵᠢ | ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ | ᠪᠠᠷᠢᠮᠲᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠠᠪᠤᠴᠠ ᠳᠤ ᠣᠯᠵᠤ ᠮᠡᠳᠡᠭᠰᠡᠨ | ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ᠂ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠲᠠᠰᠤᠷᠠᠯᠲᠠ | ᠦᠭᠡᠢ ᠨᠥᠬᠦᠪᠥᠷᠢᠯᠡᠵᠦ᠂ ᠬᠤᠲᠠ ᠴᠣᠭᠴᠠᠯᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ | ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠡᠯ᠎ᠡ ᠲᠥᠷᠥᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠲᠦᠯᠬᠢᠨ ᠠᠬᠢᠭᠤᠯᠤᠨ᠎ᠠ᠃ | ᠳᠠᠷᠠᠭ᠎ᠠ ᠠᠯᠬᠤᠮ ᠤᠨ ᠠᠵᠢᠯ ᠳᠤ ᠴᠢᠭᠯᠡᠭᠦᠯᠦᠨ᠂ ᠳ᠋ᠦ᠋ ᠾᠦᠢ ᠯᠢᠶᠠᠩ ᠱᠠᠭᠠᠷᠳᠠᠭᠰᠠᠨ ᠨᠢ ᠨᠢᠭᠡ ᠳᠤ ᠠᠵᠢᠯ | ᠤᠨ ᠬᠡᠪ ᠪᠠᠢᠳᠠᠯ ᠲᠠᠢ ᠪᠠᠶ᠋ᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠲᠣᠭᠤᠷᠢᠭ ᠤᠨ ᠱᠠᠲᠤᠨ ᠤ ᠤᠳᠤᠷᠢᠳᠤᠯᠭ᠎ᠠ᠂ | ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠡᠶ᠎ᠡ ᠪᠠᠷ ᠢᠶᠠᠨ ᠰᠤᠳᠤᠯᠵᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠨᠢᠭᠡ ᠲᠠᠯ᠎ᠠ ᠪᠠᠷ ᠠᠵᠠ ᠲᠣᠬᠢᠶᠠᠯ ᠢ ᠡᠵᠡᠮᠳᠡᠵᠦ᠂ | ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ | ᠳᠡᠮᠵᠢᠬᠦ ᠠᠵᠠ ᠲᠣᠬᠢᠶᠠᠯ ᠢ ᠵᠠᠪᠳᠤᠨ ᠠᠳᠬᠤᠵᠤ᠂ ᠤᠯᠤᠰ ᠤᠨ ᠣᠷᠣᠭᠤᠯᠤᠯᠲᠠ ᠶᠢᠨ ᠴᠢᠭᠯᠡᠯ ᠢ ᠴᠢᠩᠭ᠎ᠠ | ᠠᠩᠬᠠᠷᠴᠤ᠂ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠭᠡᠯ ᠠᠵᠢᠯ ᠢ ᠰᠠᠶᠢᠲᠤᠷ ᠬᠢᠬᠦ ᠬᠡᠷᠡᠭᠲᠡᠢ᠃ | ᠨᠥᠭᠦᠭᠡ ᠲᠠᠯ᠎ᠠ ᠪᠠᠷ ᠠᠰᠠᠭᠤᠳᠠᠯ ᠢ ᠰᠢᠢᠳᠪᠦᠷᠢᠯᠡᠬᠦ ᠪᠠᠢᠳᠠᠯ ᠲᠠᠢ ᠪᠠᠶᠢᠬᠤ ᠬᠡᠷᠡᠭᠲᠡᠶ᠂ ︽ ᠨᠢᠭᠡ ᠤᠳᠠᠰᠤ ᠪᠠᠷ | ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠶᠢ ᠨᠢᠭᠡᠳᠦᠯᠲᠡᠶ ᠭᠦᠢᠴᠡᠳᠭᠡᠬᠦ︾᠂ ᠳᠡᠭᠡᠳᠦ ᠱᠠᠲᠤᠨ ᠤ ᠬᠢᠨᠠᠨ | ᠵᠢᠯᠣᠭᠤᠳᠴᠤ ᠪᠠᠶᠢᠴᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠡᠳᠦᠷ ᠲᠤᠲᠤᠮ ᠤᠨ | ᠬᠠᠮᠢᠶᠠᠷᠤᠯᠲᠠ ᠶᠢᠨ ᠦᠢᠯᠡᠴᠢᠯᠡᠭᠡ ᠵᠡᠷᠭᠡ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠬᠢᠨᠠᠮᠠᠭᠠᠶ ᠳ᠋ᠦᠩᠨᠡᠨ | ᠡᠮᠬᠢᠯᠡᠵᠦ᠂ ᠴᠠᠭ ᠲᠤᠬᠠᠶ ᠳᠤᠨᠢ ᠲᠥᠷᠥᠯ ᠬᠤᠪᠢᠶᠠᠨ᠂ ᠰᠤᠳᠤᠯᠤᠨ ᠰᠢᠢᠳᠪᠦᠷᠢᠯᠡᠨ᠎ᠡ᠃ ᠡᠭᠦᠨ ᠤ ᠳᠤ ᠬᠠᠮᠲᠤ᠂ | ᠨᠠᠩ ᠴᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠠᠢᠳᠠᠯ ᠲᠠᠢ ᠪᠠᠶᠢᠵᠤ᠂ ᠭᠠᠪᠢᠶ᠎ᠠ ᠠᠪᠬᠤ ᠳᠤ ᠪᠢ ᠪᠠᠶᠢᠬᠤ | ᠬᠡᠷᠡᠭ ᠦᠭᠡᠢ᠂ ᠭᠠᠪᠢᠶ᠎ᠠ ᠪᠦᠲᠦᠭᠡᠬᠦ ᠳᠤ ᠯᠠᠪᠲᠠᠢ ᠪᠢ ᠪᠠᠶᠢᠬᠤ ᠠᠬᠤᠢ ᠪᠠᠶᠢᠳᠠᠯ ᠪᠠ ᠡᠭᠦᠷᠭᠡᠯᠡᠯ ᠲᠠᠢ ᠪᠠᠶᠢᠵᠤ᠂ | ᠨᠢᠭᠡ ᠡᠳᠦᠷ ᠨᠣᠶᠠᠨ ᠰᠠᠭᠤᠪᠠᠯ ᠲᠡᠷᠡ ᠭᠠᠵᠠᠷ ᠲᠤ ᠪᠤᠶᠠᠨ ᠦᠢᠯᠡᠳᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠬᠤᠶᠠᠷ ᠲᠤ ᠠᠭᠤᠷ ᠠᠮᠢᠰᠬᠤᠯ ᠲᠠ᠊ ᠪᠠᠶᠢᠬᠤ ᠬᠡᠷᠡᠭᠲᠡᠶ᠃ ᠣᠯᠠᠨ ᠲᠦᠮᠡᠨᠴᠢ ᠱᠤᠭᠤᠮ ᠢ ᠭᠦᠨᠵᠡᠭᠡᠶ | ᠦᠢᠯᠡᠳᠦᠯᠭᠡᠵᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠬᠤᠲᠠ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠤᠬᠠᠭᠤᠯᠤᠨ ᠬᠥᠲᠥᠯᠥᠨ ᠵᠢᠯᠤᠭᠤᠳᠬᠤ ᠠᠵᠢᠯ ᠢ ᠦᠨᠡᠨᠬᠦ | ᠰᠠᠶᠢᠲᠤᠷ ᠬᠢᠵᠦ᠂ ᠪᠥᠬᠦ ᠲᠤᠭᠤᠷᠢᠭ ᠤᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠶ᠃ ᠭᠤᠷᠪᠠ ᠳᠤ ᠠᠵᠢᠯᠯᠠᠭ᠎ᠠ ᠲᠠᠢ ᠪᠠᠶᠢᠬᠤ ᠬᠡᠷᠡᠭᠲᠡᠶ᠃ ᠪᠠᠭ᠎ᠠ ᠠᠰᠠᠭᠤᠳᠠᠯ ᠢ | ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠤᠳᠤᠯᠢᠶᠠᠨᠲᠠᠶ ᠠᠰᠠᠭᠤᠳᠠᠯ ᠢ ᠱᠠᠯᠠᠪᠳᠠᠨ | ᠰᠦᠪᠡᠭᠴᠢᠯᠡᠵᠦ᠂ ᠵᠥᠭᠡᠯᠡᠨ ᠬᠡᠷᠡᠭᠰᠡᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠲᠠᠭᠤ | ᠬᠡᠷᠡᠭᠰᠡᠯ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠨ᠎ᠡ᠃ ᠡᠯ᠎ᠡ ᠵᠡᠭᠡᠯᠢ ᠭᠤᠳᠤᠮᠵᠢ ᠨᠢ ᠬᠠᠷᠢᠶ᠎ᠠ ᠭᠠᠵᠠᠷ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠲᠦᠭᠵᠢᠷᠡᠯ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ | ᠬᠠᠮᠲᠤ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠭᠦᠶ᠋ᠴᠡᠳᠬᠡᠬᠦ ᠬᠡᠷᠡᠭᠲᠡᠶ᠃ ᠳᠥᠷᠪᠡ ᠳᠤ | ᠲᠥᠷᠥᠯ ᠵᠦᠢᠯ ᠪᠠᠶᠢᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ᠂ | ᠢᠷᠡᠭᠡᠳᠦᠶ ᠶᠢᠨ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠬᠠᠷᠢᠶ᠎ᠠ ᠣᠷᠣᠨ ᠤ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠡᠷᠡᠭᠴᠡᠭᠡ | ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠵᠢᠭᠰᠠᠭᠠᠬᠤ ᠬᠡᠷᠡᠭᠲᠡ᠊᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠵᠡᠭᠡᠯᠢ ᠭᠤᠳᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ | ᠪᠦᠬᠦᠯᠢ ᠴᠣᠭᠴᠠ ᠶᠢᠨ ᠲᠥᠰᠦᠪᠯᠡᠯ ᠢ ᠰᠠᠶᠢᠲᠤᠷ ᠬᠢᠵᠦ᠂ ᠴᠠᠭ ᠲᠤᠬᠠᠶ ᠳᠤᠨᠢ ᠲᠥᠷᠥᠯ ᠵᠦᠢᠯ ᠢ ᠰᠢᠰᠲ᠋ᠧᠮᠵᠢᠭᠦᠯᠦᠨ | ᠪᠠᠶᠢᠭᠤᠯᠵᠤ᠂ ᠢᠯᠠᠩᠭᠤᠶ᠎ᠠ ᠬᠥᠭᠵᠢᠭᠦᠯᠦᠯᠲᠡ ᠦᠭᠡᠷᠡᠴᠢᠯᠡᠯᠲᠡ ᠪᠠ ᠡᠳ᠋ ᠤᠨ ᠵᠠᠰᠠᠭ ᠨᠢ ᠲᠥᠷᠥᠯ ᠵᠦᠢᠯ ᠤᠨ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠳᠡᠪᠬᠢᠲᠡᠶ ᠪᠠᠷ | ᠲᠥᠷᠥᠯ ᠵᠦᠢᠯ ᠢᠶᠠᠨ ᠭᠦᠶᠦᠵᠦ᠂ ᠲᠥᠷᠥᠯ ᠵᠦᠢᠯ ᠢᠶᠠᠨ ᠳᠡᠪᠰᠢᠭᠦᠯᠦᠨ᠎ᠡ᠃ ᠲᠠᠪᠤ ᠳᠤ ᠪᠣᠳᠠᠲᠤ ᠦᠷ᠎ᠡ | ᠪᠦᠲᠦᠮᠵᠢ ᠲᠠᠢ ᠪᠠᠶᠢᠬᠤ ᠬᠡᠷᠡᠭᠲᠡᠶ᠃ ᠣᠷᠣᠨ ᠪᠦᠰᠡ ᠶᠢᠨ ᠴᠢᠨᠠᠷᠲᠠᠶ ᠭᠤᠣᠯ ᠬᠤᠲᠠ ᠶᠢᠨ ᠪᠦᠲᠦᠭᠡᠨ ᠪᠠᠶᠢᠭᠤᠯᠤᠯᠲᠠ | ᠭᠡᠬᠦ ᠡᠨᠡ ᠬᠦ ᠬᠠᠷᠠᠯᠲᠠ ᠶᠢᠨ ᠲᠤᠭᠤᠷᠢᠨ ᠳᠤ᠂ ᠬᠤᠲᠠ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ | ᠳᠡᠭᠡᠭᠰᠢᠯᠡᠭᠦᠯᠬᠦ ᠪᠠᠷ ᠭᠠᠷᠳᠠᠮ ᠪᠣᠯᠭᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ | ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠬᠠᠭᠤᠴᠢᠨ ᠲᠣᠭᠤᠷᠢᠭ ᠢ ᠥᠭᠡᠷᠡᠴᠢᠯᠡᠬᠦ ᠨᠠᠰᠤᠵᠢᠯ ᠪᠠ ᠬᠡᠤᠬᠡᠳ ᠢ ᠠᠰᠠᠷᠠᠬᠤ ᠵᠡᠷᠭᠡ ᠲᠠᠯ᠎ᠠ ᠪᠠᠷ ᠦᠨᠡᠨᠬᠦ | ᠬᠤᠪᠢᠷᠠᠯᠲᠠ ᠲᠠᠢ ᠴᠡᠭ ᠤᠨ ᠲᠠᠯ᠎ᠠ ᠪᠠᠷ ᠰᠢᠪᠲᠤᠯᠤᠯᠲᠠ ᠲᠠᠢ ᠪᠣᠯᠭᠠᠨ᠎ᠠ᠃ ᠠᠷᠠᠳ ᠣᠯᠠᠨ ᠢ ᠨᠠᠩ ᠣᠯᠠᠨ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠲᠠᠢ ᠪᠣᠯᠭᠠᠨ᠎ᠠ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠴᠢᠭᠯᠡᠯ ᠢ ᠬᠤᠪᠢᠷᠠᠭᠤᠯᠬᠤ | ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠠᠳᠬᠤᠵᠤ᠂ ᠬᠥᠬᠡ ᠣᠭᠲᠠᠷᠭᠤᠶ ᠨᠣᠮᠢᠨ ᠤᠰᠤ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠣᠯᠤᠨ᠎ᠠ᠃ ᠭᠤᠷᠪᠠ ᠳᠤ᠂ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠵᠠᠪᠠᠯ ᠤᠯᠬᠤ ᠬᠡᠷᠡᠭᠲᠡᠢ᠃ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠶᠡᠷᠦᠩᠬᠡᠶ | ᠠᠮᠤᠷ ᠲᠦᠪᠰᠢᠨ ᠤ ᠦᠵᠡᠯᠲᠡ ᠶᠢ ᠨᠠᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ | ᠯᠠᠪᠳᠠᠭᠤᠨ ᠢᠶᠠᠷ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ᠂ ᠡᠳ᠋ ᠤᠨ ᠵᠠᠰᠠᠭ | ᠭᠠᠶᠢᠯᠢ ᠶᠢᠨ ᠬᠠᠮᠢᠶᠠᠷᠤᠯᠲᠠ᠂ ᠭᠠᠶᠢᠯᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠠᠯᠳᠠᠰᠢ ᠭᠠᠷᠬᠤ ᠶᠢ ᠪᠥᠭᠯᠡᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠤ ᠠᠵᠢᠯ | ᠣᠯᠭᠤᠯᠲᠠ ᠶᠢᠨ ᠠᠵᠢᠯ ᠳᠤ ᠬᠠᠨᠳᠤᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠪᠠᠲᠤᠯᠠᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠪᠣᠯᠤᠨ ᠤᠯᠤᠰ ᠲᠥᠷᠥ ᠶᠢᠨ | ᠬᠠᠷᠢᠭᠤᠴᠠᠯᠭ᠎ᠠ ᠪᠠᠨ ᠤᠯᠠᠮ ᠴᠢᠩᠬᠠᠳᠬᠠᠵᠤ᠂ ᠪᠠᠶᠢᠳᠠᠯ ᠢ ᠣᠨᠣᠪᠴᠢᠲᠠᠶ ᠡᠵᠡᠮᠰᠢᠨ᠎ᠡ᠃ ᠠᠵᠢᠯ ᠤᠨ | ᠭᠤᠤᠯᠳᠠᠯᠭ᠎ᠠ ᠪᠠᠨ ᠳᠣᠪᠤᠶᠢᠯᠭᠠᠵᠤ᠂ ᠪᠥᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠡᠭᠦᠷᠭᠡ ᠪᠠᠨ ᠴᠢᠨᠠᠷ | ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠳᠤᠮᠳᠠ ᠵᠢᠵᠢᠭ ᠠᠵᠤ ᠠᠬᠤᠶᠢᠯᠠᠯ ᠢ ᠪᠠᠲᠤᠯᠠᠬᠤ ᠳᠡᠭᠡᠷ᠎ᠡ ᠬᠦᠴᠦ | ᠲᠠᠯᠪᠢᠵᠤ᠂ ︽ᠬᠡᠯᠲᠦᠷᠢᠭᠦᠯᠬᠦ᠂ ᠪᠠᠭᠤᠷᠠᠭᠤᠯᠬᠤ᠂ ᠬᠤᠶᠢᠰᠢᠯᠠᠭᠤᠯᠬᠤ᠂ ᠪᠤᠴᠠᠭᠠᠬᠤ᠂ ᠨᠥᠬᠦᠪᠥᠷᠢᠯᠡᠬᠦ︾ ᠵᠡᠷᠭᠡ | ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠦᠷᠢᠶᠡᠰᠦᠨ | ᠮᠥᠩᠭᠦ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠠᠵᠤ | ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠥᠭᠵᠢᠯᠲᠡ ᠶᠢ ᠠᠬᠢᠭᠤᠯᠬᠤ ᠰᠢᠨ᠎ᠡ ᠬᠦᠷᠢᠶᠡᠨ ᠤ ᠦᠢᠯᠡᠰ ᠪᠤᠰᠬᠠᠵᠤ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠠᠷᠭ᠎ᠠ | ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠪᠣᠳᠠᠲᠠᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠡᠶᠢᠲᠡᠯᠡᠵᠦ᠂ | ᠬᠥᠳᠡᠯᠮᠦᠷᠢ ᠠᠵᠢᠯ ᠣᠯᠭᠤᠬᠤ ᠪᠠᠲᠤᠯᠠᠭ᠎ᠠ ᠶᠢᠨ ᠠᠵᠢᠯ ᠤᠨ ᠬᠦᠴᠦᠨ ᠢ ᠨᠡᠮᠡᠭᠳᠡᠭᠦᠯᠦᠨ᠎ᠡ᠃ ᠠᠵᠢᠯ ᠣᠯᠭᠤᠬᠤ | ᠠᠷᠭ᠎ᠠ ᠵᠠᠮ ᠢ ᠥᠷᠭᠡᠳᠬᠡᠬᠦ ᠳᠡᠭᠡᠷ᠎ᠡ ᠬᠦᠴᠦ ᠲᠠᠯᠪᠢᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠠᠵᠢᠯᠲᠠᠨ ᠬᠠᠰᠤᠬᠤ ᠦᠭᠡᠢ ᠪᠤᠶᠤ ᠠᠵᠢᠯ ᠣᠯᠭᠤᠯᠲᠠ ᠶᠢ ᠨᠢ ᠥᠷᠭᠡᠳᠬᠡᠵᠦ᠂ | ᠨᠡᠶᠢᠭᠡᠮ ᠤᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠭᠦᠯᠬᠦ ᠬᠡᠷᠡᠭᠲᠡᠶ᠃ ᠡᠭᠦᠨ ᠤ ᠳᠤ ᠬᠠᠮᠲᠤ᠂ ᠬᠥᠮᠦᠨ ᠤ | ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠦᠷᠦᠯ ᠬᠤᠪᠢᠶᠠᠨ ᠬᠠᠪᠰᠤᠷᠤᠨ ᠲᠡᠳᠬᠦᠵᠦ᠂ | ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ | ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠠᠵᠢᠯ ᠤᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠲᠣᠪᠦ᠋ᠮ᠎ᠠ ᠰᠠᠶᠢᠲᠤᠷ ᠬᠢᠵᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠬᠦ ᠳᠤ | ᠬᠦᠴᠦᠨ ᠨᠡᠮᠡᠷᠢᠯᠡᠨ᠎ᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ | ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ ᠤᠯᠤᠰ ᠤᠨ ᠲᠣᠭᠤᠷᠢᠨ | ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ | ᠲᠣᠭᠤᠷᠢᠨ ᠪᠠᠶᠢᠴᠠᠭᠠᠯᠲᠠ ᠶᠢᠨ ᠠᠭᠤᠯᠤᠭᠳᠠᠬᠤᠨ ᠱᠠᠭᠠᠷᠳᠠᠯᠭ᠎ᠠ ᠶᠢᠨ ᠲᠤᠬᠠᠢ ᠣᠶᠢᠯᠠᠭᠠᠯᠲᠠ ᠡᠵᠡᠮᠳᠡᠯ ᠢᠶᠠᠨ | ᠭᠦᠨᠵᠡᠭᠡᠶᠢᠷᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠬᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠲᠥᠪ ᠬᠤᠷᠢᠶ᠎ᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠬᠦ᠂ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠦᠲᠦᠮᠵᠢᠲᠡᠶ ᠪᠠᠷ ᠥᠷᠨᠢᠭᠦᠯᠵᠡᠶ᠃ ᠲᠥᠪ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ | ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠨ᠎ᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠳᠠᠶᠠᠭᠠᠷ ︽ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠲᠣᠭᠲᠠᠭᠠᠯ︾ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ | ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠨᠠᠮ ᠢ ᠬᠠᠮᠢᠶᠠᠷᠴᠤ | ᠨᠠᠮ ᠢ ᠵᠠᠰᠠᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ | ᠠᠬᠢᠭᠤᠯᠤᠨ᠎ᠠ᠃ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠪᠦᠬᠦ ᠲᠤᠭᠤᠷᠢᠭ ᠤᠨ ᠡᠯ᠎ᠡ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ | ᠪᠠᠷᠢᠮᠲᠠᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠠᠭ ᠤᠨ ᠪᠦᠷᠢᠯᠳᠦᠬᠦᠨ ᠨᠡᠷ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠠᠷᠢᠭᠤᠴᠠᠯᠭ᠎ᠠ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠡᠪ ᠳᠠᠭᠤᠷᠢᠶᠠᠯ ᠢ ᠰᠠᠶᠢᠲᠤᠷ ᠪᠣᠶ ᠪᠣᠯᠭᠠᠵᠤ᠂ ᠰᠠᠶᠢᠲᠤᠷ ᠥᠯᠢᠭᠡᠷ | ᠳᠠᠭᠤᠷᠢᠶᠠᠯ ᠪᠣᠯᠬᠤ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠡᠯ᠎ᠡ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ | ᠪᠣᠯᠤᠨ ᠲᠤᠬᠠᠶᠢᠯᠠᠭᠰᠠᠨ ᠠᠵᠢᠯ ᠤᠨ ᠬᠠᠷᠢᠯᠴᠠᠨ ᠠᠭᠤᠰᠤᠯᠴᠠᠬᠤ᠂ ᠬᠠᠷᠢᠯᠴᠠᠨ ᠠᠬᠢᠭᠤᠯᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠳᠠᠶᠠᠭᠠᠷ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠡᠭ ᠦᠷ ᠤᠨ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠦᠴᠦᠲᠡᠶ | ᠠᠳᠬᠤᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠨᠠᠮ ᠤᠨ ᠡᠭᠦᠷ ᠢ ᠶᠡᠬᠡᠪᠡᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠬᠤ ᠡᠯ᠎ᠡ | ᠵᠦᠶ᠋ᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠤᠨ᠎ᠠ᠃ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠬᠦᠷᠢᠶᠡᠨ ᠳᠠᠬᠢ | ᠦᠨᠳᠦᠰᠦᠨ ᠱᠠᠲᠤᠨ ᠤ ᠨᠠᠮ ᠢ ᠨᠢᠭᠡᠳᠦᠯᠲᠡᠶ ᠲᠥᠯᠥᠪᠵᠢᠭᠦᠯᠦᠨ ᠴᠢᠩᠭᠠᠳᠬᠠᠬᠤ ᠬᠡᠷᠡᠭᠲᠡᠶ ᠭᠡᠪᠡ᠃ | | | | |