6 ᠰᠠᠷ᠎ᠠ ᠶᠢᠨ 8 ᠤ ᠡᠳᠦᠷ᠂ ᠬᠤᠷᠴᠢᠨ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠨᠠᠮ ᠤᠨ | ᠬᠤᠷᠢᠶᠠᠨ ᠤ 112 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠦ᠋ ᠾᠦᠢ ᠯᠢᠶᠠᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠰᠬᠠᠢ ᠮᠡᠷᠭᠡᠵᠢᠯᠲᠡᠨ ᠡᠷᠳᠡᠮᠲᠡᠳ ᠤᠨ ᠶᠠᠷᠢᠯᠴᠠᠬᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠤ | ᠴᠢᠯᠦᠭᠡᠳᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤᠲᠠᠭᠤᠳᠠᠯ ᠢ ᠨᠥᠬᠦᠪᠥᠷᠢᠯᠡᠬᠦ ᠠᠰᠠᠭᠤᠳᠠᠯ ᠤᠨ ᠲᠤᠬᠠᠢ︾ ᠶᠢ | ᠤᠯᠠᠮᠵᠢᠯᠠᠨ ᠰᠤᠷᠤᠯᠴᠠᠵᠠᠢ᠃ ᠪᠦᠬᠦ ᠲᠤᠭᠤᠷᠢᠭ ᠤᠨ ᠪᠡᠯᠡ ᠮᠥᠩᠭᠦ ᠣᠯᠬᠤ ᠪᠠᠷ ᠴᠢᠷᠮᠠᠶᠢᠬᠤ ᠲᠥᠷᠥᠯ ᠵᠦᠢᠯ | ᠲᠣᠭᠲᠠᠭᠠᠭᠰᠠᠨ ᠠᠵᠢᠯ ᠤᠨ ᠪᠠᠢᠳᠠᠯ ᠪᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠣᠣ ᠯᠤ᠋ ᠵᠢᠶ ᠪᠣᠯᠤᠨ ᠶᠠᠩ ᠰᠢᠶᠤᠤ ᠳ᠋ᠦ᠋ ᠨᠥᠬᠦᠷ ᠤᠨ ᠪᠥᠬᠦ | ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠳᠡᠭᠡᠷ᠎ᠡ ᠬᠡᠯᠡᠭᠰᠡᠨ ᠦᠭᠡ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︾ | ᠂ ︽ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠤᠭᠳᠠᠯ ᠪᠥᠬᠦᠶ ᠤᠴᠢᠷ ᠶᠠᠪᠤᠳᠠᠯ ᠢᠶᠠᠨ ᠮᠡᠳᠡᠭᠦᠯᠬᠦ | ᠲᠣᠭᠲᠠᠭᠠᠯ︾᠂ ︽ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠤᠭᠳᠠᠯ ᠪᠥᠬᠦᠶ ᠤᠴᠢᠷ ᠶᠠᠪᠤᠳᠠᠯ ᠤᠨ | ᠮᠡᠳᠡᠭᠦᠯᠦᠯᠲᠡ ᠶᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠢ ᠰᠢᠢᠳᠪᠦᠷᠢᠯᠡᠬᠦ ᠠᠷᠭ᠎ᠠ︾᠂ ︽ᠤᠳᠤᠷᠢᠳᠬᠤ | ᠺᠠᠳ᠋ᠷ ᠤᠨ ᠬᠤᠪᠢ ᠬᠥᠮᠦᠨ ᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠦᠨᠡᠨ ᠪᠣᠳᠠᠲᠠᠶ ᠪᠠᠷ ᠮᠡᠳᠡᠭᠦᠯᠬᠦ | ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠠᠷᠪᠠᠨ ᠵᠤᠷᠪᠤᠰ ᠠᠷᠭ᠎ᠠ ᠬᠡᠮᠵᠢᠶ᠎ᠡ︾ ᠶᠢ ᠤᠯᠠᠮᠵᠢᠯᠠᠪᠠ᠃ | ᠨᠠᠮ ᠤᠨ ᠡᠭᠦᠷ ᠤᠨ ᠪᠠᠶᠢᠭᠤᠯᠤᠯᠲᠠ ᠶᠢᠨ ᠠᠵᠢᠯ ᠢ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠲᠤᠰᠬᠠᠶ ᠮᠡᠷᠭᠡᠵᠢᠯᠲᠡᠨ ᠡᠷᠳᠡᠮᠲᠡᠨ | ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠰᠢ ᠴᠢᠬᠤᠯᠠ ᠶᠠᠷᠢᠶ᠎ᠠ ᠲᠠᠯᠪᠢᠵᠤ᠂ ᠬᠦᠴᠦᠷᠬᠡᠭ ᠶᠡᠭᠡ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠬᠤ ᠲᠤᠬᠠᠶ ᠪᠦᠬᠦ ᠲᠠᠯ᠎ᠠ ᠶᠢᠨ ᠴᠢᠬᠤᠯᠠ ᠶᠡᠭᠡ | ᠪᠠᠶᠢᠷᠢᠯᠠᠭᠤᠯᠤᠯᠲᠠ ᠬᠢᠵᠦ᠂ ᠪᠢᠳᠡᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠬᠤ᠂ ᠠᠷᠠᠳ ᠲᠦᠮᠡᠨ ᠤ ᠡᠷᠡᠭᠦᠯ ᠮᠡᠨᠳᠤ ᠠᠮᠤᠷ ᠲᠦᠪᠰᠢᠨ ᠢ ᠦᠨᠡᠨ ᠬᠦ | ᠬᠠᠮᠠᠭᠠᠯᠠᠬᠤ ᠳᠤ ᠦᠨᠳᠦᠰᠦᠨ ᠵᠢᠷᠤᠮᠯᠠᠯ ᠬᠠᠩᠭᠠᠪᠠ᠃ ᠪᠦᠬᠦ ᠲᠤᠭᠤᠷᠢᠭ ᠳᠠᠶᠠᠭᠠᠷ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠢᠳᠠᠪᠤᠷᠢᠵᠢᠭᠤᠯᠬᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ | ᠬᠤᠪᠢᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠷᠠᠭᠤᠯᠵᠤ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠨᠡᠮᠡᠭᠳᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠦᠨᠡᠨᠬᠦ ᠰᠠᠶᠢᠲᠤᠷ ᠰᠠᠬᠢᠨ ᠬᠠᠮᠠᠭᠠᠯᠠᠨ᠎ᠠ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭᠠᠲᠤ ᠰᠡᠳᠬᠢᠯᠭᠡ | ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠪᠠᠯᠠ ᠮᠥᠩᠭᠦ ᠲᠡᠮᠡᠴᠡᠨ ᠤᠯᠵᠤ | ᠲᠥᠷᠥᠯ ᠵᠦᠢᠯ ᠪᠠᠶᠢᠭᠤᠯᠬᠤ ᠶᠢ ᠮᠠᠨ ᠤ ᠲᠤᠭᠤᠷᠢᠭ ᠤᠨ ᠪᠣᠬᠢᠷᠲᠤᠯ ᠥᠬᠡᠶ ᠴᠢᠨᠠᠷ ᠰᠠᠶᠢᠲᠠᠶ ᠬᠦᠭᠵᠢᠯᠲᠡᠶᠢ | ᠠᠬᠢᠭᠤᠯᠬᠤ ᠴᠢᠬᠤᠯᠠ ᠭᠠᠷᠳᠠᠮ ᠪᠣᠯᠭᠠᠵᠤ᠂ ᠦᠨᠡᠨ ᠬᠦ ᠴᠢᠩᠭ᠎ᠠ ᠠᠳᠬᠤᠨ ᠨᠠᠷᠢᠯᠢᠭ ᠰᠠᠶᠢᠲᠤᠷ ᠠᠳᠬᠤᠬᠤ | ᠬᠡᠷᠡᠭᠲᠡᠶ᠃ ᠲᠥᠪ ᠤᠨ ᠰᠢᠨ᠎ᠡ ᠪᠠᠷ ᠨᠡᠮᠡᠭᠳᠡᠭᠰᠡᠨ ᠪᠡᠯᠡ ᠣᠷᠣᠭᠤᠯᠤᠯᠲᠠ ᠶᠢᠨ ᠲᠥᠷᠥᠯ ᠵᠦᠢᠯ ᠪᠠ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠡᠵᠡᠮᠰᠢᠵᠦ᠂ ᠢᠯᠠᠩᠭᠤᠶ᠎ᠠ ᠡᠨᠡ ᠵᠢᠯ ᠤᠨ ᠪᠥᠬᠦ ᠤᠯᠤᠰ ᠤᠨ ︽ᠬᠤᠶᠠᠷ | ᠬᠤᠷᠠᠯ︾ ᠶᠡᠷᠦᠩᠬᠡᠶ ᠰᠠᠶᠢᠳ ᠯᠢ ᠺᠧ ᠴᠢᠶᠠᠩ ᠤᠨ ᠳᠤᠷᠠᠳᠤᠭᠰᠠᠨ ︽ᠬᠤᠶᠠᠷ ᠰᠢᠨ᠎ᠡ ᠨᠢᠭᠡ ᠭᠤᠤᠯᠳᠠᠯᠭ᠎ᠠ︾ ᠶᠢᠨ | ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠨᠢᠭᠡ ᠪᠦᠯᠦᠭ ᠵᠥᠪᠰᠢᠶᠡᠷᠡᠨ ᠣᠷᠣᠭᠤᠯᠵᠤ ᠪᠣᠯᠬᠤ᠂ | ᠨᠠᠶᠢᠳᠠᠪᠤᠷᠢᠵᠢᠭᠤᠯᠵᠤ ᠪᠣᠯᠬᠤ᠂ ᠭᠤᠶᠤᠴᠢᠯᠠᠨ ᠮᠡᠳᠡᠭᠦᠯᠵᠦ ᠪᠣᠯᠬᠤ᠂ ᠦᠷᠭᠦᠯᠵᠢᠯᠡᠵᠦ ᠪᠣᠯᠬᠤ ᠴᠢᠬᠤᠯᠠ ᠶᠡᠭᠡ | ᠲᠥᠷᠥᠯ ᠵᠦᠢᠯ ᠢ ᠤᠬᠠᠭᠠᠯᠠᠨ ᠲᠥᠯᠥᠪᠯᠡᠪᠡ᠃ ᠠᠷᠭ᠎ᠠ ᠮᠠᠶ᠋ᠢᠭ ᠤᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ | ᠡᠭᠦᠳᠴᠦ ᠲᠥᠷᠥᠯ ᠵᠦᠢᠯ ᠢ ᠰᠦᠪᠡᠭᠴᠢᠯᠡᠬᠦ ᠬᠡᠷᠡᠭᠲᠡᠢ᠃ ᠡᠯ᠎ᠡ ᠪᠠᠯᠭᠠᠰᠤ ᠰᠤᠮᠤ᠂ ᠵᠡᠭᠡᠯᠢ ᠭᠤᠳᠤᠮᠵᠢ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠥᠷᠥ ᠶᠢᠨ ᠪᠤᠳᠤᠯᠭ᠎ᠠ ᠶᠢᠨ ᠠᠵᠠ ᠲᠣᠬᠢᠶᠠᠯ ᠢ ᠪᠦᠬᠦ | ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠢ ᠲᠥᠰᠦᠪᠯᠡᠵᠦ᠂ ᠲᠥᠷᠥᠯ ᠵᠦᠢᠯ ᠢ ᠰᠠᠶᠢᠲᠤᠷ ᠲᠥᠯᠥᠪᠯᠡᠵᠦ | ᠰᠠᠶᠢᠲᠤᠷ ᠪᠦᠲᠦᠭᠡᠬᠦ ᠶᠢ ᠪᠠᠲᠤᠯᠠᠨ᠎ᠠ᠃ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠳ ᠳᠡᠭᠡᠳᠦ | ᠳᠣᠣᠷᠠᠳᠤ ᠱᠠᠲᠤ ᠬᠠᠮᠵᠢᠯᠴᠠᠨ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠵᠦ᠂ ᠲᠥᠷᠥᠯ ᠵᠦᠢᠯ ᠢ | ᠴᠢᠷᠮᠠᠶᠢᠨ ᠣᠯᠵᠤ᠂ ᠲᠥᠷᠥᠯ ᠵᠦᠢᠯ ᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠰᠠᠨᠠᠭᠠᠴᠢᠯᠠᠭᠠᠳᠤ ᠴᠢᠨᠠᠷ ᠢᠶᠠᠨ ᠢᠳᠡᠪᠬᠢᠲᠡᠢ ᠪᠠᠳᠠᠷᠠᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠲᠥᠷᠥᠯ | ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠮᠠᠨ ᠤ | ᠲᠤᠭᠤᠷᠢᠭ ᠤᠨ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠬᠦ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ᠂ ᠣᠷᠴᠢᠨ ᠲᠣᠭᠤᠷᠢᠨ ᠤ ᠶᠠᠰᠤ | ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠬᠤ ᠰᠠᠶᠢᠨ ᠰᠠᠶᠢᠬᠠᠨ ᠪᠠᠶᠢᠳᠠᠯ ᠢ ᠣᠨᠣᠪᠴᠢᠲᠠᠶ ᠡᠵᠡᠮᠳᠡᠵᠦ᠂ ᠠᠯᠮᠠᠢᠷᠠᠨ | ᠬᠤᠶᠢᠷᠭᠤᠰᠢᠬᠤ ᠪᠤᠳᠤᠯ ᠰᠡᠳᠬᠢᠯᠭᠡ ᠶᠢ ᠡᠷᠡᠰ ᠲᠡᠪᠴᠢᠬᠦ ᠬᠡᠷᠡᠭᠲᠡᠶ᠃ ᠪᠠᠴᠢᠮ ᠲᠤᠯᠭᠠᠮ᠎ᠠ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠴᠤᠭ ᠰᠦᠯᠳᠡ ᠪᠠᠨ ᠪᠠᠳᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ | ᠬᠡᠷᠡᠭᠲᠡᠢ᠃ ᠨᠢᠭᠡ ᠳᠤ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ | ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ᠃ ᠡᠷᠦᠬᠡ ᠪᠣᠯᠤᠨ ᠬᠥᠮᠦᠨ ᠤ ᠪᠠᠶᠢᠳᠠᠯ ᠢ ᠦᠨᠳᠦᠰᠦᠯᠡᠨ | ᠠᠷᠭ᠎ᠠ ᠪᠣᠳᠣᠯᠭ᠎ᠠ ᠬᠡᠷᠡᠭᠵᠢᠭᠦᠯᠬᠦ ᠲᠠᠯ᠎ᠠ ᠪᠠᠷ ᠭᠦᠨᠵᠡᠭᠡᠢ ᠨᠠᠷᠢᠯᠢᠭ ᠬᠢᠵᠦ᠂ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠶᠢ ᠪᠠᠲᠤᠯᠠᠬᠤ ᠲᠠᠯ᠎ᠠ ᠪᠠᠷ ᠱᠠᠯᠠᠪᠳᠠᠨ ᠪᠣᠳᠠᠲᠠᠶ ᠠᠳᠬᠤᠵᠤ᠂ ᠠᠵᠢᠯ ᠣᠯᠭᠤᠯᠲᠠ ᠪᠠᠷ ᠶᠠᠳᠠᠭᠤ ᠶᠢ | ᠲᠡᠳᠬᠦᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ | ᠲᠠᠯ᠎ᠠ ᠪᠠᠷ ᠳᠡᠰ ᠳᠡᠪᠰᠢᠭᠦᠯᠦᠨ ᠬᠦᠴᠦ ᠨᠡᠮᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠤᠨ ᠳᠤᠮᠳᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠬᠦ ᠪᠠᠷ ᠴᠢᠬᠤᠯᠠ ᠠᠭᠤᠯᠭ᠎ᠠ ᠪᠤᠯᠭᠠᠵᠤ᠂ ᠪᠦᠬᠦ ᠲᠠᠯ᠎ᠠ ᠪᠠᠷ ᠶᠠᠳᠠᠭᠤ ᠠᠴᠠ | ᠠᠩᠬᠢᠵᠢᠷᠠᠭᠤᠯᠵᠤ ᠬᠦᠳᠡᠭᠡ ᠲᠤᠰᠬᠤᠨ ᠢ ᠮᠠᠨᠳᠤᠭᠤᠯᠬᠤ ᠲᠠᠢ ᠤᠷᠭᠠᠨᠢᠭ ᠢᠶᠠᠷ ᠵᠤᠯᠭᠠᠭᠤᠯᠤᠨ ᠲᠦᠯᠬᠢᠨ | ᠠᠬᠢᠭᠤᠯᠤᠨ᠎ᠠ᠃ | | | | |