ᠳ᠋ᠦ᠋  ᠾᠦᠢ ᠯᠢᠶᠠᠩ ᠬᠤᠷᠴᠢᠨ ᠲᠣᠭᠤᠷᠢᠭ ᠤᠨ ᠬᠡᠰᠡᠭ ᠪᠠᠯᠭᠠᠰᠤ ᠰᠤᠮᠤ᠂ ᠤᠯᠤᠰ ᠤᠨ ᠥᠮᠴᠢᠯᠡᠯᠲᠦ ᠲᠠᠷᠢᠶᠠᠯᠠᠩ  ᠮᠠᠯᠵᠢᠯ ᠤᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-06-12
 6 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠯᠤᠰ  ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠦ᠋ ᠾᠦᠢ ᠯᠢᠶᠠᠩ ᠬᠤᠷᠴᠢᠨ ᠲᠣᠭᠤᠷᠢᠭ ᠤᠨ ᠬᠡᠰᠡᠭ ᠪᠠᠯᠭᠠᠰᠤ  ᠂ ᠰᠤᠮᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃  ᠲᠤᠭᠤᠷᠢᠭ ᠤᠨ ᠤᠳᠤᠷᠢᠳᠤᠯᠭ᠎ᠠ ᠴᠢ ᡁᠢ ᠵᠢᠶᠦ᠋ᠨ᠂ ᠯᠢᠦ ᠵᠢᠶᠠᠨ ᠱᠧᠩ᠂ ᠵᠠᠩ ᠢ ᠮᠢᠩ᠂ ᠯᠢ ᠱᠸᠦ ᠰᠢᠨ᠂ ᠯᠢᠦ ᠰᠢᠶᠤᠤ ᠾᠦᠢ ᠨᠠᠷ ᠪᠠᠷ᠎ᠠ ᠪᠣᠯᠪᠠ᠃    ᠳ᠋ᠦ᠋  ᠾᠦᠢ ᠯᠢᠶᠠᠩ ᠨᠠᠷ ᠤᠷᠢᠳ ᠬᠤᠵᠢᠳ ᠴᠢᠩ ᠾᠧ ᠪᠠᠯᠭᠠᠰᠤᠨ ᠤ ᠳ᠋ᠦᠩ ᠰᠢ ᠲᠣᠰᠬᠤᠨ ᠳᠤ ᠬᠦᠷᠴᠦ᠂ ᠴᠢᠶᠠᠨ ᠵᠢᠶᠠ ᠳ᠋ᠢᠶᠠᠨ ᠪᠠᠯᠭᠠᠰᠤᠨ ᠤ ᠪᠠᠷᠠᠭᠤᠨ ᠢ ᠺᠧ ᠱᠣ᠋ ᠲᠣᠰᠬᠤᠨ᠂ ᠳ᠋ᠦᠩ ᠢ ᠺᠧ ᠱᠣ᠋ ᠲᠣᠰᠬᠤᠨ᠂  ᠳᠠᠯᠠᠩ  ᠪᠠᠯᠭᠠᠰᠤᠨ ᠤ ᠴᠢᠶᠠᠨ ᠾᠸᠢ ᠼᠦᠨ ᠲᠣᠰᠬᠤᠨ᠂ ᠴᠢᠩ ᠾᠧ ᠪᠠᠯᠭᠠᠰᠤ ᠶᠢᠨ ᠲᠠᠶᠢᠫᠢᠩ ᠾᠧ ᠲᠣᠰᠬᠤᠨ᠂ ᠪᠠᠨ ᠵᠢᠶᠧ ᠳ᠋ᠢᠶᠠᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠧ ᠨᠠᠨ ᠲᠠᠷᠢᠶᠠᠯᠠᠩ ᠤᠨ ᠲᠠᠯᠠᠪᠠᠶ  ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ   ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠴᠢᠶᠠᠨ ᠵᠢᠶᠠ ᠳ᠋ᠢᠶᠠᠨ ᠪᠠᠯᠭᠠᠰᠤᠨ ᠤ ᠵᠡᠭᠦᠨ ᠢ ᠺᠧ ᠱᠣ᠋ ᠲᠣᠰᠬᠤᠨ ᠳᠤ᠂ ᠳ᠋ᠦ᠋ ᠾᠦᠢ ᠯᠢᠶᠠᠩ ᠶᠠᠳᠠᠭᠤ ᠬᠦᠴᠢᠷᠳᠡᠯᠲᠡᠶ ᠡᠷᠦᠬᠡ ᠯᠢᠦ ᠪᠦᠦ ᠹᠠᠩ ᠤᠨ ᠭᠡᠷ ᠲᠤ ᠬᠦᠷᠴᠦ᠂ ᠲᠡᠭᠦᠨ ᠤ ᠰᠠᠶ᠋ᠢᠬᠠᠨ ᠪᠠᠷᠢᠭᠰᠠᠨ ᠰᠢᠨ᠎ᠡ ᠭᠡᠷ ᠲᠤ  ᠨᠢ ᠲᠡᠭᠦᠨ ᠲᠠᠢ ᠵᠤᠭᠤᠭ ᠳᠡᠯᠭᠡᠪᠡ᠃ ᠭᠡᠷ ᠪᠦᠯᠢ ᠶᠢᠨ ᠠᠮᠢᠳᠤᠷᠠᠯ ᠤᠨ ᠪᠠᠢᠳᠠᠯ ᠪᠠ ᠣᠷᠣᠯᠭ᠎ᠠ ᠶᠢᠨ ᠪᠠᠶᠢᠳᠠᠯ ᠢ ᠨᠠᠷᠢᠨ ᠨᠢᠭᠲᠠ  ᠤᠶᠢᠯᠠᠭᠠᠭᠰᠠᠨ ᠪᠠᠶᠢᠵᠠᠢ᠃ ᠳ᠋ᠦ᠋  ᠾᠦᠢ ᠯᠢᠶᠠᠩ ᠲᠡᠭᠦᠨ ᠢ ᠵᠣᠷᠢᠭᠵᠢᠭᠤᠯᠵᠤ᠄ ᠤᠳᠤ ᠨᠢᠭᠡᠨᠲᠡ ᠰᠢᠨ᠎ᠡ ᠭᠡᠷ ᠲᠤ ᠰᠠᠭᠤᠵᠠᠢ᠂ ᠨᠠᠩ ᠴᠤ ᠠᠮᠢᠳᠤᠷᠠᠯ ᠤᠨ ᠢᠲᠡᠭᠡᠯ ᠵᠣᠷᠢᠭ ᠢᠶᠠᠨ ᠪᠠᠲᠤᠳᠬᠠᠵᠤ᠂  ᠬᠤᠶᠢᠰᠢᠲᠠ ᠶᠢᠨ ᠠᠮᠢᠳᠤᠷᠠᠯ ᠶᠠᠪᠤᠬᠤ ᠲᠤᠲᠤᠮ ᠥᠭᠡᠳᠡ ᠡᠰᠡᠷᠡᠭ ᠪᠣᠯᠬᠤ  ᠶᠤᠮ ᠰᠢᠤ ᠭᠡᠪᠡ᠃ ᠴᠢᠩ ᠾᠧ ᠪᠠᠯᠭᠠᠰᠤᠨ ᠤ ᠲᠠᠶᠢᠫᠢᠩ ᠾᠧ ᠲᠣᠰᠬᠤᠨ ᠳᠤ ᠳ᠋ᠦ᠋ ᠾᠦᠢ ᠯᠢᠶᠠᠩ ᠶᠠᠳᠠᠭᠤ ᠬᠦᠴᠢᠷᠳᠡᠯᠲᠡᠢ ᠡᠷᠦᠬᠡ ᠯᠢ ᠶᠠᠨ ᠵᠢᠶᠦ᠋ᠨ ᠤ ᠭᠡᠷ ᠲᠤ ᠬᠦᠷᠴᠦ᠂ ᠲᠡᠳᠡᠨ ᠤ ᠰᠢᠨ᠎ᠡ ᠪᠠᠷᠢᠭᠰᠠᠨ ᠭᠡᠷ ᠪᠠᠶᠢᠰᠢᠩ ᠤᠨ ᠭᠤᠣᠯ ᠴᠣᠭᠴᠠ ᠨᠢ ᠨᠢᠭᠡᠨᠲᠡ ᠪᠠᠷᠢᠯᠭ᠎ᠠ ᠳᠠᠭᠤᠰᠴᠠᠢ᠂ ᠳᠣᠲᠣᠭᠠᠳᠤ ᠳᠠᠭᠠᠨ ᠵᠠᠰᠠᠵᠤ ᠴᠢᠮᠡᠭᠯᠡᠬᠦ ᠠᠵᠢᠯ ᠢ ᠤᠳᠠᠯ ᠦᠭᠡᠢ ᠡᠬᠢᠯᠡᠭᠦᠯᠬᠦ ᠭᠡᠵᠤ ᠪᠠᠶᠢᠭ᠎ᠠ ᠶᠢ ᠤᠯᠵᠤ ᠬᠠᠷᠠᠪᠠ᠃ ᠳ᠋ᠦ᠋  ᠾᠦᠢ ᠯᠢᠶᠠᠩ ᠪᠠᠷᠢᠯᠭ᠎ᠠ ᠶᠢᠨ ᠶᠠᠰᠤ ᠴᠢᠨᠠᠷ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠤᠷᠠᠬᠤ  ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠤᠭᠤᠴᠠᠭᠠᠨ ᠳᠤ ᠣᠷᠣᠨ ᠰᠠᠭᠤᠴᠠ ᠶᠢ ᠲᠥᠪᠬᠢᠨᠡᠭᠦᠯᠦᠭᠰᠡᠨ ᠪᠠᠶᠢᠳᠠᠯ ᠪᠠ ᠵᠠᠰᠠᠵᠤ ᠴᠢᠮᠡᠭᠯᠡᠭᠰᠡᠨ ᠦᠨ᠎ᠡ ᠶᠢ ᠨᠠᠷᠢᠨ ᠠᠰᠠᠭᠤᠨ ᠯᠠᠪᠯᠠᠪᠠ᠃ ᠲᠡᠷᠡ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ  ᠲᠦᠯᠦᠪᠯᠡᠨ᠂ ᠥᠭᠡᠷᠡᠴᠢᠯᠡᠬᠦ ᠠᠬᠢᠴᠠ ᠶᠢ ᠲᠦᠷᠭᠡᠳᠬᠡᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠠᠷᠠᠯᠲᠠ  ᠡᠭᠦᠷᠭᠡ ᠪᠠᠨ ᠴᠢᠨᠠᠷ ᠰᠠᠶᠢᠲᠠᠶ  ᠪᠡᠶᠡᠯᠡᠭᠦᠯᠲᠦᠭᠡᠢ ᠭᠡᠪᠡ᠃   ᠪᠠᠨ ᠵᠢᠶᠧ ᠳ᠋ᠢᠶᠠᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠳᠤ᠂ ᠳ᠋ᠦ᠋  ᠾᠦᠢ ᠯᠢᠶᠠᠩ  ᠡᠯ᠎ᠡ ᠵᠦᠢᠯ ᠤᠨ ᠠᠵᠢᠯ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ ᠵᠢᠭᠠᠵᠤ ᠭᠠᠷᠭᠠᠭᠰᠠᠨ ᠨᠢ᠂ ᠣᠨᠣᠯ ᠤᠨ ᠰᠤᠷᠤᠯᠴᠠᠯᠭ᠎ᠠ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ  ᠴᠢᠬᠤᠯᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠱᠠᠳᠤᠨ ᠤ ᠨᠠᠮ ᠤᠨ ᠭᠡᠰᠢᠭᠦᠨ ᠢ ᠢᠳᠡᠪᠬᠢᠲᠡᠢ ᠬᠥᠭᠵᠢᠭᠦᠯᠵᠦ᠂ ᠴᠢᠳᠠᠪᠤᠷᠢᠲᠠᠨ ᠤ ᠨᠥᠭᠡᠴᠡ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠦᠨᠡᠨ ᠬᠦ ᠴᠢᠩᠭᠠᠳᠬᠠᠬᠤ ᠬᠡᠷᠡᠭᠲᠡᠶ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠪᠠᠶᠠᠵᠢᠨ  ᠴᠢᠨᠡᠬᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃    ᠵᠧ ᠨᠠᠨ ᠲᠠᠷᠢᠶᠠᠯᠠᠩ ᠤᠨ ᠲᠠᠯᠠᠪᠠᠢ ᠳᠤ᠂ ᠳ᠋ᠦ᠋  ᠾᠦᠢ ᠯᠢᠶᠠᠩ ᠤᠷᠢᠳ ᠬᠤᠵᠢᠳ ᠶᠢᠨ ᠾᠧ ᠸᠠᠨ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠵᠢᠴᠢ  ᠰᠢᠨ ᠬᠠᠤ ᠲᠠᠷᠢᠶᠠᠯᠠᠩ ᠮᠠᠯ ᠠᠵᠤ ᠠᠬᠤᠢ  ᠶᠢᠨ ᠬᠢᠵᠠᠭᠠᠷᠲᠤ ᠺᠣᠮᠫᠠᠨᠢ ᠶᠢᠨ ᠵᠠᠭᠤᠨ ᠲᠦᠮᠡᠨ ᠭᠠᠭ᠋ᠠᠢ ᠦᠷᠡᠵᠢᠭᠦᠯᠦᠨ ᠪᠤᠶᠢᠵᠢᠭᠤᠯᠬᠤ ᠲᠦᠷᠦᠯ ᠵᠦᠢᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠳ᠋ᠦ᠋ ᠬᠤᠢ ᠯᠢᠶᠠᠩ ᠵᠢᠭᠠᠵᠤ ᠭᠠᠷᠭᠠᠭᠰᠠᠨ ᠨᠢ᠂ ︽13 2︾ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠬᠤᠶᠠᠷ ᠲᠤ  ᠵᠤᠪᠠᠭ᠋ᠤ ᠥᠬᠡᠶ᠂ ᠭᠤᠷᠪᠠ ᠶᠢ ᠪᠠᠲᠤᠯᠠᠬᠤ︾ ᠡᠯ᠎ᠡ ᠵᠦᠢᠯ  ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ  ᠴᠢᠨᠠᠷ ᠰᠠᠶᠢᠲᠠᠢ ᠲᠡᠭᠦᠰᠬᠡᠯ ᠢ ᠪᠠᠲᠤᠯᠠᠬᠤ ᠬᠡᠷᠡᠭᠲᠡᠢ︔ ᠲᠦᠩᠯᠢᠶᠣᠤ ᠬᠤᠲᠠ ᠶᠢᠨ ︽ᠮᠢᠩᠭᠠᠨ ᠳ᠋ᠦᠩᠰᠢᠭᠤᠷ ᠲᠥᠭᠦᠷᠢᠭ ᠤᠨ ᠲᠡᠰ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠰᠦᠷᠦᠭᠵᠢᠯ︾ ᠤᠨ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠤᠨ᠂ ᠪᠠᠷᠢᠮᠵᠢᠶᠠᠵᠢᠭᠰᠠᠨ᠂ ᠨᠠᠷᠠᠲᠤ ᠲᠡᠮᠳᠡᠭᠵᠢᠭᠰᠡᠨ᠂ ᠵᠣᠬᠢᠰᠲᠠᠶ ᠬᠡᠪᠴᠢᠶᠡᠵᠢᠭᠰᠡᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠪᠠᠶᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ᠂ ᠤᠳᠤᠷᠢᠳᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ  ᠬᠦᠭᠵᠢᠭᠦᠯᠦᠨ ᠮᠠᠨᠳᠤᠭᠤᠯᠬᠤ ᠶᠢᠨ ᠪᠦᠲᠦᠮᠵᠢᠲᠡᠢ ᠵᠣᠯᠭᠠᠯᠴᠠᠭ᠎ᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ  ᠦᠢᠯᠡᠰ ᠢ ᠲᠥᠯᠥᠪᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠠᠬᠤᠶ ᠶᠢᠨ ᠰᠢᠨ᠎ᠡ ᠬᠥᠳᠡᠯᠭᠡᠭᠦᠷ ᠢ ᠡᠭᠦᠳᠦᠨ᠎ᠡ᠃ ᠤᠳᠤ ᠪᠠᠶᠢᠭ᠎ᠠ ᠡᠯᠧᠮᠧᠨ᠋ᠲ ᠢ ᠴᠠᠭ ᠲᠤᠬᠠᠢ ᠳᠤᠨᠢ ᠲᠡᠰ ᠳᠡᠪᠰᠢᠭᠦᠯᠵᠦ᠂ ᠰᠠᠭᠤᠷᠢ ᠲᠥᠬᠦᠭᠡᠷᠦᠮᠵᠢ ᠶᠢᠨ  ᠳᠤᠲᠠᠭᠤᠳᠠᠯ  ᠢ ᠲᠦᠷᠭᠡᠨ ᠨᠥᠬᠦᠪᠥᠷᠢᠯᠡᠵᠦ᠂ ᠰᠠᠶᠢᠨ ᠰᠠᠶᠢᠬᠠᠨ ᠠᠵᠤ ᠦᠢᠯᠡᠰ ᠤᠨ ᠠᠮᠢ ᠠᠬᠤᠢ ᠶᠢ ᠪᠦᠷᠢᠯᠳᠦᠭᠦᠯᠦᠨ᠎ᠡ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠳ᠋ᠦ᠋ ᠾᠦᠢ ᠯᠢᠶᠠᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠶᠡᠷᠦᠩᠬᠡᠢ ᠲᠠᠭᠠᠷᠢᠯᠳᠠ ᠶᠠᠪᠤᠭᠤᠯᠵᠤ᠂ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠪᠦᠬᠦ  ᠲᠤᠭᠤᠷᠢᠭ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠴᠦᠬᠡᠨ ᠴᠦ ᠴᠠᠯᠠᠭᠠᠶᠢᠷᠠᠬᠤ ᠦᠭᠡᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠤᠶᠤᠨ ᠰᠠᠨᠠᠭᠠᠨ ᠤ ᠳᠦᠷᠰᠦ ᠪᠠᠶᠢᠳᠠᠯ  ᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠲᠤᠯᠭᠠᠮ᠎ᠠ ᠰᠡᠳᠬᠢᠯᠭᠡ ᠪᠠ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠷᠡ ᠶᠣᠰᠣᠭᠠᠷ ᠨᠢ ᠰᠠᠶᠢᠲᠤᠷ  ᠪᠡᠶᠡᠯᠡᠭᠦᠯᠦᠨ᠎ᠡ᠃ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ  ᠰᠢᠢᠳᠪᠦᠷᠢᠯᠷᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠴᠢᠨᠠᠷ ᠰᠠᠶᠢᠲᠠᠶ ᠶᠠᠳᠠᠭᠤ ᠠᠴᠠ ᠠᠩᠭᠢᠵᠢᠷᠠᠬᠤ ᠶᠢ ᠠᠬᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠡᠴᠦᠰ ᠤᠨ ᠴᠠᠭ ᠲᠣᠬᠢᠶᠠᠯ ᠢ ᠵᠠᠪᠳᠤᠨ ᠠᠳᠬᠤᠵᠤ᠂ ᠣᠶᠤᠨ ᠴᠢᠳᠠᠯ ᠂ ᠡᠬᠢ ᠪᠠᠶᠠᠯᠢᠭ᠂ ᠬᠦᠴᠦᠨ ᠢᠶᠠᠨ ᠲᠥᠪᠯᠡᠷᠡᠭᠦᠯᠦᠨ᠂ ᠠᠷᠭ᠎ᠠ ᠬᠡᠮᠵᠢᠶ᠎ᠡ ᠪᠠᠨ ᠤᠯᠠᠮ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠬ᠎ᠠ   ᠠᠳᠬᠤᠲᠤᠭᠠᠢ᠃ ᠪᠤᠢ ᠪᠦᠬᠦᠢ ᠠᠰᠠᠭᠤᠳᠠᠯ ᠢ ᠲᠤᠭᠤᠰᠢᠲᠠᠢ ᠰᠢᠢᠳᠪᠦᠷᠢᠯᠡᠬᠦ ᠶᠢ ᠪᠠᠲᠤᠯᠠᠵᠤ᠂ ᠣᠷᠣ ᠲᠠᠰᠤ ᠦᠭᠡᠢ ᠪᠣᠯᠭᠠᠬᠤ ᠶᠢ  ᠦᠨᠡᠨ ᠬᠦ ᠪᠡᠶᠡᠯᠡᠭᠦᠯᠦᠨ᠎ᠡ  ᠃ ᠠᠵᠢᠯ ᠤᠨ ᠰᠤᠷᠲᠠᠯ ᠢ ᠴᠢᠩᠭ᠎ᠠ ᠳᠠᠷᠤᠵᠤ ᠪᠣᠳᠠᠲᠠᠶᠢᠵᠢᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠡᠷᠬᠡᠪᠰᠢ ᠲᠥᠪ ᠴᠢᠩᠭ᠎ᠠ ᠣᠪᠣᠷ᠂ ᠴᠢᠩᠭ᠎ᠠ ᠪᠠᠷᠢᠮᠵᠢᠶ᠎ᠠ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号