ᠬᠤᠲᠠ ᠲᠤᠭᠤᠷᠢᠭ ᠬᠤᠯᠪᠣᠭᠠᠯᠠᠨ ︽ᠠᠵᠢᠯ ᠮᠡᠷᠭᠡᠵᠢᠯ ᠤᠨ ᠬᠢᠨ ᠴᠢᠮ᠎ᠠ ᠶᠢ ᠬᠦᠯᠢᠶᠡᠵᠦ ᠪᠤᠢ︾ ᠭᠡᠬᠦ ᠠᠵᠢᠯ ᠤᠯᠭᠤᠬᠤ ᠪᠠᠷ ᠶᠠᠳᠠᠭᠤ ᠶᠢ ᠲᠡᠳᠬᠦᠬᠦ ᠠᠵᠢᠯ ᠤᠨ ᠠᠵᠢᠯᠲᠠᠨ ᠡᠯᠰᠡᠬᠦ ᠬᠤᠷᠠᠯ ᠬᠤᠷᠴᠢᠨ ᠲᠣᠭᠤᠷᠢᠭ ᠤᠨ ᠴᠢᠶᠠᠨ ᠵᠢᠶᠠ ᠳ᠋ᠢᠶᠠᠨ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020-06-17
6 ᠰᠠᠷ᠎ᠠ ᠶᠢᠨ 12 ᠤᠨ ᠡᠳᠦᠷ᠂ ︽ᠠᠵᠢᠯ ᠮᠡᠷᠭᠡᠵᠢᠯ ᠤᠨ ᠬᠢᠨ ᠴᠢᠮ᠎ᠠ ᠶᠢ ᠬᠦᠯᠢᠶᠡᠵᠤ ᠪᠤᠢ︾ ᠭᠡᠬᠦ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯᠲᠠᠨ ᠡᠯᠰᠡᠬᠦ ᠬᠤᠷᠠᠯ ᠴᠢᠶᠠᠨ ᠵᠢᠶᠠ ᠳ᠋ᠢᠶᠠᠨ ᠪᠠᠯᠭᠠᠰᠤᠨ ᠤ ᠺᠦᠩ ᠵᠢᠶᠠ ᠲᠣᠰᠬᠤᠨ ᠳᠤ ᠶᠠᠪᠤᠭᠳᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠢ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ᠂ ᠬᠤᠷᠴᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠴᠢᠳᠠᠪᠤᠷᠢᠲᠠᠨ ᠤ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ᠂ ᠴᠢᠶᠠᠨ ᠵᠢᠶᠠ ᠳ᠋ᠢᠶᠠᠨ ᠪᠠᠯᠭᠠᠰᠤᠨ ᠤ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃ ᠲᠦᠩᠯᠢᠶᠣᠤ ᠬᠤᠲᠠ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ  ᠦᠢᠯᠡᠴᠢᠯᠡᠭᠡᠨ ᠤ ᠲᠥᠪ᠂ ᠬᠤᠷᠴᠢᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠬᠤᠷᠴᠢᠨ ᠲᠣᠭᠤᠷᠢᠭ ᠤᠨ ᠠᠵᠢᠯ ᠣᠯᠭᠤᠯᠲᠠ ᠪᠠ ᠴᠢᠳᠠᠪᠤᠷᠢᠲᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠳᠠᠭᠠᠭᠠᠨ ᠡᠷᠭᠢᠯᠡᠪᠡ᠃    ᠡᠨᠡ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠬᠢᠵᠢᠭ ᠤᠨ ᠪᠠᠢᠳᠠᠯ ᠤᠨ ᠠᠪᠴᠢᠷᠠᠭᠰᠠᠨ ᠠᠰᠢᠭ ᠦᠭᠡᠢ ᠨᠦᠯᠦᠭᠡ ᠶᠢ ᠢᠯᠠᠨ ᠳᠠᠪᠠᠭ᠋ᠤ ᠶᠢᠨ ᠲᠥᠯᠥᠭᠡ ᠶᠤᠮ᠃ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂  ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ   ᠢ  ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯᠴᠢᠨ ᠡᠯᠰᠡᠬᠦ ᠠᠵᠢᠯ ᠢ ᠤᠯᠠᠮ ᠰᠠᠶᠢᠨ ᠬᠢᠵᠦ᠂ ᠴᠢᠶᠠᠨ ᠵᠢᠶᠠ ᠳ᠋ᠢᠶᠠᠨ ᠵᠢᠴᠢ ᠡᠷᠭᠢᠨ ᠲᠣᠭᠤᠷᠢᠨ ᠤ ᠭᠠᠳᠠᠭᠰᠢ ᠭᠠᠷᠴᠤ ᠬᠦᠴᠦ ᠶᠠᠪᠤᠭᠰᠠᠳ ᠢᠯᠠᠩᠭᠤᠶ᠎ᠠ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠬᠠᠪᠰᠤᠷᠤᠨ ᠣᠶᠢᠷ᠎ᠠ ᠬᠠᠪᠢ ᠳᠤᠨᠢ ᠲᠤᠬᠠᠶ ᠶᠢᠨ ᠭᠠᠵᠠᠷ ᠲᠤᠨᠢ ᠠᠵᠢᠯ ᠤᠯᠭᠤᠵᠤ᠂ ᠠᠵᠢᠯ ᠡᠷᠢᠬᠦ ᠪᠠ ᠠᠵᠢᠯᠴᠢᠨ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠰᠢᠢᠳᠪᠦᠷᠢᠯᠡᠵᠡᠢ᠃ ᠨᠢᠭᠡᠨᠲᠡ ᠠᠵᠢᠯ ᠣᠯᠤᠭᠰᠠᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠬᠠᠮᠲᠤ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠲᠤᠰ ᠤᠳᠠᠭᠠᠨ ᠤ ᠤᠷᠢᠵᠤ ᠡᠯᠰᠡᠬᠦ ᠴᠤᠭᠯᠠᠭᠠᠨ ᠳᠤ 16 ᠠᠵᠤ ᠠᠬᠤᠶᠢᠯᠠᠯ ᠣᠷᠣᠯᠴᠠᠵᠤ᠂ ᠡᠭᠦᠨ ᠳᠤ ᠬᠥᠮᠦᠨ ᠤ ᠬᠦᠴᠦᠨ ᠤ ᠬᠥᠳᠡᠯᠮᠦᠷᠢ ᠬᠦᠴᠦᠨ ᠤ ᠭᠠᠷᠭᠠᠯᠲᠠ ᠶᠢᠨ ᠺᠣᠮᠫᠠᠨᠢ 2 ᠪᠠᠶᠢᠵᠤ᠂ 800 ᠭᠠᠷᠤᠢ ᠠᠵᠢᠯ ᠤᠨ ᠪᠠᠶᠢᠷᠢ ᠬᠠᠩᠬᠠᠵᠠᠶ᠃ 300 ᠭᠠᠷᠤᠶ ᠬᠥᠮᠦᠨ ᠤᠷᠢᠵᠤ ᠡᠯᠰᠡᠬᠦ ᠴᠤᠭᠯᠠᠭᠠᠨ ᠳᠤ ᠣᠷᠣᠯᠴᠠᠵᠤ᠂ ᠡᠭᠦᠨ ᠳᠤ 52 ᠶᠠᠳᠠᠭᠤ ᠬᠦᠴᠢᠷᠳᠡᠯᠲᠡᠶ ᠬᠦᠳᠡᠯᠮᠦᠷᠢ ᠬᠦᠴᠦᠨ ᠪᠠᠶᠢᠵᠤ᠂ 30 ᠭᠠᠷᠤᠶ ᠬᠥᠮᠦᠨ ᠠᠵᠢᠯ ᠤᠯᠬᠤ ᠰᠠᠨᠠᠮᠵᠢ ᠲᠠᠢ ᠪᠣᠯᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号