ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ | ᠨᠢᠭᠡ ᠠᠯ ᠬᠤᠮ ᠴᠢᠩᠭᠠᠳᠬᠠᠬᠤ ᠶᠢᠨ ᠲᠥᠯᠥᠭᠡ᠂ ᠵᠠᠯᠠᠭᠤᠴᠤᠳ ᠪᠠᠭᠠᠴᠤᠳ ᠤᠨ ᠬᠤᠤᠷ ᠢ ᠲᠠᠨᠢᠬᠤ᠂ ᠬᠤᠤᠷ ᠢ | ᠰᠡᠷᠭᠡᠶᠢᠯᠡᠬᠦ᠂ ᠬᠤᠤᠷ ᠢ ᠡᠰᠡᠷᠭᠦᠴᠡᠬᠦ ᠤᠬᠠᠮᠰᠠᠷ ᠪᠤᠯᠤᠨ ᠴᠢᠳᠠᠪᠤᠷᠢ ᠶᠢ ᠴᠢᠩᠬᠠᠳᠬᠠᠵᠤ᠂ ᠬᠤᠤᠷᠲᠤ ᠡᠳ᠋ ᠢ | ᠰᠡᠷᠭᠡᠶᠢᠯᠡᠬᠦ ᠬᠥᠮᠦᠵᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠡᠶ᠃ ᠬᠤᠷᠴᠢᠨ | ᠲᠣᠭᠤᠷᠢᠭ ᠨᠢ 33 ᠳ᠋ᠤᠭᠠᠷ ︽6.26︾ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠬᠦᠷᠴᠦ ᠢᠷᠡᠬᠦ | ᠲᠠᠰᠢᠷᠠᠮ ᠢᠶᠠᠷ᠂ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠢᠳᠡᠪᠬᠢᠲᠡᠶ ᠪᠠᠷ ᠬᠤᠤᠷ ᠴᠠᠭᠠᠵᠠᠯᠠᠬᠤ ᠮᠡᠳᠡᠯᠭᠡ ᠶᠢᠨ | ᠲᠠᠪᠴᠠᠩ ᠢ ᠪᠠᠶᠢᠭᠤᠯᠬᠤ ᠶᠢᠨ ᠬᠠᠮᠲᠤ ᠬᠤᠷᠴᠢᠨ ᠲᠣᠭᠤᠷᠢᠭ ᠲᠤ ᠠᠩᠬᠠᠳᠠᠭᠴᠢ ᠰᠤᠷᠭᠠᠭᠤᠯᠢ ᠶᠢᠨ ᠬᠦᠷᠢᠶᠡᠨ ᠤ | ᠬᠤᠤᠷ ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠠ᠃ 2020 ᠣᠨ ᠤ 6 | ᠰᠠᠷ᠎ᠠ ᠶᠢᠨ 11 ᠤ ᠡᠳᠦᠷ᠂ ᠰᠤᠷᠭᠠᠭᠤᠯᠢ ᠶᠢᠨ ᠬᠦᠷᠢᠶᠡᠨ ᠤ ᠬᠤᠤᠷ ᠴᠠᠭᠠᠵᠠᠯᠠᠬᠤ ᠰᠤᠷᠭᠠᠨ ᠬᠦᠮᠦᠵᠢᠯ ᠤᠨ | ᠰᠠᠭᠤᠷᠢᠨ ᠭᠠᠵᠠᠷ ᠤᠨ ᠫᠠᠶᠢᠰᠠ ᠡᠯᠭᠦᠬᠦ ᠶᠣᠰᠣᠯᠠᠯ ᠲᠡᠮᠦᠷ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠳᠤ ᠦᠪᠡᠳᠡᠭᠰᠢ | ᠶᠡᠭᠡ ᠪᠠᠷ ᠶᠠᠪᠤᠭᠳᠠᠪᠠ᠃ | ᠫᠠᠶᠢᠰᠠ ᠡᠯᠭᠦᠬᠦ ᠶᠣᠰᠣᠯᠠᠯ ᠤᠨ ᠳᠠᠷᠠᠭ᠎ᠠ᠂ ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶᠠᠨ ᠤ ᠬᠤᠤᠷ ᠴᠠᠭᠠᠵᠠᠯᠠᠬᠤ ᠶᠡᠭᠡ ᠠᠩᠭᠢ ᠠᠴᠠ ᠲᠡᠮᠦᠷ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ | ᠪᠠᠭᠰᠢ ᠰᠤᠷᠤᠭᠴᠢᠳ ᠲᠤ 2000 ᠳᠡᠪᠲᠡᠷ ᠬᠤᠤᠷ ᠴᠠᠭᠠᠵᠠᠯᠠᠬᠤ ᠤᠬᠠᠭᠤᠯᠭ᠎ᠠ ᠶᠢᠨ ᠳᠡᠪᠲᠡᠷ᠂ 2 ᠵᠤᠷᠪᠤᠰ | ᠬᠤᠤᠷ ᠴᠠᠭᠠᠵᠠᠯᠠᠬᠤ ᠳᠤᠷ᠎ᠠ ᠰᠣᠨᠢᠷᠬᠠᠯ ᠤᠨ ᠰᠡᠳᠦᠪ ᠬᠠᠷᠢᠭᠤᠯᠬᠤ ᠮᠠᠰᠢᠨ ᠢ ᠪᠡᠯᠡᠭᠯᠡᠨ ᠬᠦᠷᠭᠡᠭᠰᠡᠨ ᠪᠥᠭᠡᠳ | ᠰᠤᠷᠤᠭᠴᠢᠳ ᠲᠤ ᠬᠤᠤᠷ ᠴᠠᠭᠠᠵᠠᠯᠠᠬᠤ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠵᠠᠶ᠃ ᠠᠪᠤ | ᠡᠵᠢ ᠲᠠᠢ ᠪᠠᠨ ᠬᠠᠮᠲᠤ ᠬᠤᠣᠷ ᠴᠠᠭᠠᠵᠠᠯᠠᠬᠤ ᠮᠡᠳᠡᠯᠭᠡ ᠶᠢ ᠰᠤᠷᠤᠯᠴᠠᠪᠠ᠃ ᠳᠠᠷᠠᠭ᠎ᠠ ᠨᠢ᠂ ᠲᠠᠪᠤᠨ ᠬᠠᠮᠲᠤ | ᠰᠤᠷᠤᠭᠴᠢ ᠪᠠᠷ ᠪᠦᠷᠢᠯᠳᠦᠭᠰᠡᠨ ᠵᠢᠵᠢᠭ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠣᠯᠠᠨ ᠳᠤ ᠭᠤᠶᠢᠳᠠ ᠰᠠᠶᠢᠬᠠᠨ | ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠲᠠᠶᠢᠯᠤᠮᠵᠢ ᠶᠢ ᠠᠪᠴᠢᠷᠠᠵᠠᠶ᠃ | ᠰᠤᠷᠭᠠᠭᠤᠯᠢ ᠶᠢᠨ ᠬᠦᠷᠢᠶᠡᠨ ᠤ ᠬᠤᠣᠷ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠬᠤ᠂ | ᠬᠤᠷᠴᠢᠨ ᠲᠣᠭᠤᠷᠢᠭ ᠤᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠳᠤ ᠨᠢᠭᠡᠨ ᠰᠢᠨ᠎ᠡ | ᠵᠢᠭᠰᠠᠭᠠᠯ ᠤᠨ ᠭᠠᠵᠠᠷ ᠨᠡᠮᠡᠷᠢᠯᠡᠭᠰᠡᠨ ᠨᠢ ᠬᠤᠤᠷᠲᠤ ᠡᠳ᠋ ᠢ ᠴᠠᠭᠠᠵᠠᠯᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠴᠣᠩᠬᠤ ᠪᠤᠯᠭᠠᠪᠠ᠃ ᠮᠥᠨ ᠴᠦ ᠬᠤᠤᠷᠲᠤ ᠡᠳ᠋ ᠢ ᠴᠠᠭᠠᠵᠠᠯᠠᠬᠤ ᠰᠤᠷᠭᠠᠨ ᠬᠥᠮᠦᠵᠢᠯ ᠤᠨ | ᠵᠢᠭᠰᠠᠭᠠᠯ ᠤᠨ ᠭᠠᠵᠠᠷᠴᠢᠯᠠᠬᠤ᠂ ᠰᠢᠰᠲ᠋ᠧᠮᠵᠢᠭᠦᠯᠬᠦ ᠶᠢ ᠪᠡᠶᠡᠯᠡᠭᠦᠯᠬᠦ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠬᠤᠷᠴᠢᠨ ᠲᠣᠭᠤᠷᠢᠭ ᠨᠢ ᠬᠤᠣᠷ ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢᠶᠠᠷ | ᠲᠦᠰᠢᠭ ᠪᠣᠯᠭᠠᠵᠤ᠂ ᠵᠠᠰᠠᠭ ᠤᠨ ᠣᠷᠳᠣᠨ᠂ ᠨᠡᠶᠢᠭᠡᠮ ᠲᠣᠭᠤᠷᠢᠭ᠂ ᠭᠡᠷ ᠪᠦᠯᠢ᠂ ᠰᠤᠷᠭᠠᠭᠤᠯᠢ ᠬᠤᠯᠪᠣᠭᠠᠯᠠᠨ | ᠬᠥᠳᠡᠯᠦᠯᠴᠡᠭᠰᠡᠨ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠯᠠᠭᠤᠴᠤᠳ | ᠪᠠᠭᠠᠴᠤᠳ ᠤᠨ ᠬᠤᠤᠷ ᠢ ᠲᠠᠨᠢᠬᠤ᠂ ᠬᠤᠤᠷ ᠢ ᠰᠡᠷᠭᠡᠶᠢᠯᠡᠬᠦ᠂ ᠬᠤᠤᠷ ᠲᠠᠲᠠᠬᠤ ᠶᠢ ᠲᠡᠪᠴᠢᠬᠦ ᠦᠵᠡᠯ ᠤᠬᠠᠮᠰᠠᠷ ᠢ | ᠤᠯᠠᠮ ᠨᠢᠭᠡ ᠠᠯᠬᠤᠮ ᠨᠡᠮᠡᠭᠳᠡᠭᠦᠯᠬᠦ ᠪᠤᠯᠭᠠᠪᠠ᠃ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ | ᠪᠦᠲᠦᠮᠵᠢᠲᠡᠶ ᠲᠠᠪᠴᠠᠩ ᠢ ᠪᠠᠶᠢᠭᠤᠯᠵᠠᠢ᠃ | |