ᠬᠤᠷᠴᠢᠨ ᠲᠣᠭᠤᠷᠢᠭ ᠬᠦᠨᠳᠦ ᠲᠠᠰ ᠤᠨ ᠵᠡᠮᠳᠡᠭᠴᠦᠳ ᠲᠤ ᠵᠡᠮᠳᠡᠭᠴᠦᠳ ᠤᠨ ᠦᠨᠡᠮᠯᠡᠯ  ᠭᠦᠢᠴᠡᠳᠭᠡᠬᠦ ᠳᠤ ᠬᠡᠷ ᠲᠤᠨᠢ ᠤᠴᠢᠵᠤ ᠦᠢᠯᠡᠴᠢᠯᠡᠭᠡ ᠬᠠᠩᠭᠠᠪᠠ
ᠨᠡᠶᠢᠲᠡᠯᠡᠭᠰᠡᠨ ᠴᠠᠭ᠄
2020-06-17
 ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠴᠦᠰ ᠤᠨ ᠵᠢᠯ ᠮᠥᠨ᠃ ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠥᠷᠭᠡᠨ ᠤᠯᠠᠨ ᠡᠪᠡᠳᠴᠢᠨ ᠠᠴᠠ ᠪᠤᠯᠵᠤ ᠵᠡᠮᠳᠡᠭ ᠪᠣᠯᠤᠭᠰᠠᠨ ᠶᠠᠳᠠᠭᠤ ᠬᠦᠴᠢᠷᠳᠡᠯᠲᠡᠢ ᠬᠥᠮᠦᠰ ᠲᠤ ᠴᠠᠭ ᠲᠤᠬᠠᠢ ᠳᠤᠨᠢ ᠬᠠᠮᠢᠶ᠎ᠠ ᠪᠦᠬᠦᠢ ᠬᠠᠷᠠᠭᠠᠯᠵᠠᠯ  ᠦᠵᠡᠭᠦᠯᠵᠦ ᠲᠡᠳᠬᠦᠬᠦ ᠲᠦᠷᠦ ᠶᠢᠨ ᠪᠤᠳᠤᠯᠭ᠎ᠠ ᠶᠢ ᠬᠦᠷᠲᠡᠭᠡᠬᠦ ᠶᠢᠨ ᠲᠥᠯᠥᠭᠡ᠂ 6 ᠰᠠᠷ᠎ᠠ ᠶᠢᠨ 2 ᠤᠨ ᠡᠳᠦᠷ ᠠᠴᠠ 10 ᠤ ᠡᠳᠦᠷ ᠪᠣᠯᠲᠠᠯ᠎ᠠ᠂ ᠬᠤᠷᠴᠢᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠲᠦᠩᠯᠢᠶᠣᠤ ᠬᠤᠲᠠ ᠶᠢᠨ ᠣᠶᠤᠨ ᠤ ᠡᠷᠡᠭᠦᠯ ᠬᠠᠮᠠᠭᠠᠯᠠᠯ ᠤᠨ ᠲᠥᠪ ᠤᠨ ᠵᠡᠮᠳᠡᠭ ᠢ ᠦᠨᠡᠯᠡᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠵᠣᠬᠢᠴᠠᠭᠤᠯᠵᠤ ᠮᠤᠷᠤᠶᠢᠨ ᠰᠦᠮ᠎ᠡ  ᠰᠤᠮᠤ᠂ ᠣᠷᠪᠣᠭ ᠪᠠᠯᠭᠠᠰᠤ ᠵᠡᠷᠭᠡ 10 ᠭᠠᠷᠤᠶ ᠪᠠᠯᠭᠠᠰᠤ ᠰᠤᠮᠤ ᠵᠡᠭᠡᠯᠢ ᠭᠤᠳᠤᠮᠵᠢ ᠳᠤ ᠭᠦᠨᠵᠡᠭᠡᠶᠢᠷᠡᠨ᠂ ᠠᠶᠢᠯ ᠲᠤᠰᠬᠤᠨ ᠡᠷᠦᠬᠡ ᠳᠤ ᠬᠦᠷᠴᠦ᠂ ᠭᠡᠷ ᠪᠦᠯᠢ ᠶᠢᠨ ᠠᠮᠢᠳᠤᠷᠠᠯ ᠨᠢ ᠳᠥᠭᠦᠮ ᠦᠭᠡᠢ ᠣᠶᠤᠨ ᠰᠠᠨᠠᠭᠠᠨ ᠤ ᠪᠠ ᠣᠶᠤᠨ ᠤ ᠡᠪᠡᠳᠴᠢᠨ ᠲᠠᠢ ᠬᠥᠮᠦᠰ ᠲᠤ ᠨᠢᠭᠡ ᠥᠷᠲᠡᠭᠡ ᠮᠠᠶ᠋ᠢᠭ ᠤᠨ  ᠦᠢᠯᠡᠴᠢᠯᠡᠭᠡ ᠬᠠᠩᠬᠠᠵᠠᠶ᠃ ᠲᠤᠬᠠᠶ ᠶᠢᠨ ᠲᠠᠯᠠᠪᠠᠢ ᠶᠢᠨ ᠵᠡᠮᠳᠡᠭ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠵᠦ᠂ ᠲᠡᠳᠡᠨ ᠢ ᠭᠡᠷ ᠠᠴᠠ ᠪᠠᠨ ᠭᠠᠷᠬᠤ ᠦᠭᠡᠢ ᠪᠠᠷ ᠵᠡᠮᠳᠡᠭ ᠪᠣᠯᠤᠭᠰᠠᠨ ᠦᠨᠡᠮᠯᠡᠯ ᠬᠢᠯᠭᠡᠵᠦ᠂ ᠬᠤᠷᠴᠢᠨ ᠲᠣᠭᠤᠷᠢᠭ ᠤᠨ ᠬᠦᠨᠳᠦ ᠳᠡᠰ ᠤᠨ ᠪᠠ ᠣᠶᠤᠨ ᠰᠠᠨᠠᠭ᠎ᠠ ᠶᠢᠨ ᠵᠡᠮᠳᠡᠭᠴᠦᠳ ᠤᠨ ᠦᠨᠡᠮᠯᠡᠯ ᠭᠦᠢᠴᠡᠳᠭᠡᠬᠦ ᠳᠤ ᠬᠦᠴᠢᠷᠲᠡᠶ ᠠᠰᠠᠭᠤᠳᠠᠯ ᠢ  ᠰᠢᠢᠳᠪᠦᠷᠢᠯᠡᠨ ᠦᠭᠪᠡ᠃ ᠲᠤᠰ ᠤᠳᠠᠭᠠᠨ ᠤ ᠡᠷᠦᠬᠡ ᠳᠤ ᠣᠷᠣᠵᠤ ᠵᠡᠮᠳᠡᠭᠴᠦᠳ ᠢ ᠦᠨᠡᠯᠡᠨ ᠲᠣᠭᠲᠠᠭᠠᠬᠤ ᠳᠤ ᠨᠡᠶᠢᠲᠡ 22 ᠣᠶᠤᠨ ᠰᠠᠨᠠᠭᠠᠨ ᠤ ᠡᠪᠡᠳᠴᠢᠲᠡᠨ ᠤ ᠲᠤᠬᠠᠶ ᠶᠢᠨ ᠲᠠᠯᠠᠪᠠᠶ ᠳᠤ ᠵᠡᠮᠳᠡᠭᠴᠦᠳ ᠤᠨ ᠦᠨᠡᠮᠯᠡᠯ ᠢ ᠭᠦᠢᠴᠡᠳᠭᠡᠪᠡ᠃ ᠲᠡᠳᠡᠨ ᠢ ᠵᠡᠮᠳᠡᠭᠴᠦᠳ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠡᠳ᠋ᠯᠡᠭᠦᠯᠵᠦ᠂ ᠲᠡᠳᠡᠨ ᠤ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠬᠦᠴᠦᠲᠡᠶ ᠳᠡᠮᠵᠢᠯᠭᠡ ᠬᠠᠩᠭᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号