ᠲᠤᠭᠤᠷᠢᠭ ᠤᠨ ︽ᠪᠡᠶᠡᠳᠦ ᠪᠤᠰᠤ ᠰᠣᠶᠣᠯ ᠤᠨ ᠥᠪ ᠢᠶᠠᠷ ᠰᠣᠶᠣᠯ ᠢᠶᠠᠨ ᠮᠠᠨᠳᠤᠭᠤᠯᠬᠤ ᠵᠢᠭᠤᠯᠴᠢᠯᠠᠯ ᠢ ᠠᠭᠤᠰᠤᠯᠴᠠᠭᠤᠯᠬᠤ︾ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠪᠡᠶᠡᠳᠦ ᠪᠤᠰᠤ ᠰᠣᠶᠣᠯ ᠤᠨ ᠥᠪ ᠢᠶᠠᠷ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠭᠤᠤᠯ ᠰᠡᠳᠦᠪᠲᠦ ᠠᠵᠢᠯᠯᠠᠭ᠎ᠠ ᠭᠤᠶᠢᠳᠠ ᠰᠠᠶᠢᠬᠠᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2020-06-17
 15 ᠳ᠋ᠤᠭᠠᠷ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠣᠯᠠᠨ ᠲᠦᠮᠡᠨ ᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠬᠠᠳᠬᠠᠵᠤ ᠂  ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠠᠶ᠃ 6 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠷᠴᠢᠨ ᠲᠣᠭᠤᠷᠢᠭ ᠤᠨ ︽ᠪᠡᠶᠡᠳᠦ ᠪᠤᠰᠤ ᠰᠤᠶᠤᠯ ᠤᠨ ᠥᠪ ᠢ ᠬᠥᠭᠵᠢᠭᠦᠯᠦᠨ ᠰᠣᠶᠣᠯ ᠢ ᠮᠠᠨᠳᠤᠭᠤᠯᠬᠤ ᠵᠢᠭᠤᠯᠴᠢᠯᠠᠯ ᠢ ᠠᠭᠤᠰᠤᠯᠴᠠᠭᠤᠯᠬᠤ︾ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠪᠡᠶᠡᠳᠦ ᠪᠤᠰᠤ ᠰᠣᠶᠣᠯ ᠤᠨ ᠥᠪ ᠢᠶᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠭᠤᠤᠯ ᠰᠡᠳᠦᠪᠲᠦ ᠠᠵᠢᠯᠯᠠᠭ᠎ᠠ ᠨᠢ ᠣᠷᠪᠣᠭ ᠪᠠᠯᠭᠠᠰᠤᠨ ᠤ ᠡᠤ ᠵᠢᠦ ᠶᠢᠩᠽᠢ ᠲᠣᠰᠬᠤᠨ ᠳᠤ ᠭᠤᠶᠢᠳᠠ ᠰᠠᠶᠢᠬᠠᠨ ᠡᠬᠢᠯᠡᠯ᠎ᠡ᠃ ᠬᠤᠷᠴᠢᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠰᠢᠶᠤᠤ ᠾᠦᠢ ᠠᠵᠢᠯᠯᠠᠭ᠎ᠠ ᠳᠤ ᠣᠷᠣᠯᠴᠠᠵᠠᠶ᠃    ᠠᠨᠳᠠᠢ ᠪᠥᠵᠢᠭ᠂ ᠬᠤᠯᠪᠤᠭ᠎ᠠ᠂ ᠬᠦᠬᠡᠮᠡᠢ᠂ ᠬᠤᠷᠴᠢᠨ ᠤ ᠡᠭᠦᠳᠦᠨ ᠪᠦᠲᠦᠭᠡᠭᠰᠡᠨ ᠬᠦᠦᠷᠨᠢᠯ ᠠᠷᠠᠳ ᠤᠨ ᠳᠠᠭᠤᠤ᠂ ᠬᠤᠷᠴᠢᠨ ᠤ ᠬᠤᠪᠴᠠᠰᠤ ᠵᠠᠰᠠᠯ ᠵᠡᠷᠭᠡ  ᠪᠡᠶᠡᠳᠦ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠦᠵᠡᠭᠦᠯᠭᠡ ᠨᠢ ᠲᠤᠰ ᠤᠳᠠᠭᠠᠨ ᠤ ᠠᠵᠢᠯᠯᠠᠭ᠎ᠠ ᠳᠤ ᠬᠥᠰᠢᠭᠡ ᠪᠠᠨ ᠰᠡᠬᠦᠪᠡ᠃ ᠠᠵᠢᠯᠯᠠᠭ᠎ᠠ ᠶᠢᠨ ᠠᠬᠤᠶ ᠲᠠᠯᠠᠪᠠᠢ ᠳᠤ᠂  ᠭᠤᠶᠢᠲᠠ ᠰᠠᠶᠢᠬᠠᠨ ᠪᠡᠶᠡᠳᠦ ᠪᠤᠰᠤ ᠰᠣᠶᠣᠯ ᠤᠨ ᠥᠪ ᠤᠨ ᠦᠵᠡᠭᠦᠯᠦᠯᠭᠡ ᠠᠴᠠ ᠭᠠᠳᠠᠨ᠎ᠠ᠂ ᠪᠠᠰᠠ ᠡᠯᠪᠡᠭ ᠪᠠᠶᠠᠯᠢᠭ ᠣᠯᠠᠨ ᠶᠠᠩᠵᠤ ᠶᠢᠨ ᠪᠡᠶᠡᠲᠦ ᠪᠤᠰᠤ ᠰᠣᠶᠣᠯ ᠤᠨ ᠥᠪ ᠤᠨ ᠦᠢᠯᠡᠳᠬᠦᠨ ᠤ ᠦᠵᠡᠭᠦᠯᠦᠯᠭᠡ ᠨᠢ ᠣᠯᠠᠨ ᠲᠦᠮᠡᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮᠠᠷ ᠬᠡᠯᠪᠡᠷᠢ ᠪᠠᠷ ᠪᠡᠶᠡᠳᠦ ᠪᠤᠰᠤ ᠰᠣᠶᠣᠯ ᠤᠨ ᠥᠪ ᠤᠨ ᠵᠦᠢᠯᠡᠰ ᠢ ᠤᠶᠢᠯᠠᠭᠠᠭᠤᠯᠤᠭᠰᠠᠨ ᠪᠠᠶᠢᠨ᠎ᠠ᠃ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠠᠷᠠᠯᠠᠩ᠂ ᠮᠤᠩ ᠱᠠᠩ ᠷᠦᠢ ᠼᠠᠢ᠂ ᠴᠧᠩ ᠿᠧᠨ ᡁᠢ ᠮᠧᠶ ᠭᠤᠷᠪᠠᠨ ᠭᠠᠷ ᠤᠷᠠᠯᠠᠯ ᠤᠨ ᠪᠦᠲᠦᠭᠡᠭᠳᠡᠬᠦᠨ ᠤ ᠺᠣᠮᠫᠠᠨᠢ ᠨᠢ ᠶᠠᠳᠠᠭᠤ ᠬᠦᠴᠢᠷᠳᠡᠯᠲᠡᠶ ᠡᠷᠦᠬᠡ ᠲᠠᠢ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠭᠲᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃    ︽ᠪᠡᠶᠡᠳᠦ ᠪᠤᠰᠤ ᠰᠣᠶᠣᠯ ᠢᠶᠠᠷ ᠰᠣᠶᠣᠯ ᠢ ᠠᠮᠢᠯᠠᠭᠤᠯᠤᠨ ᠬᠥᠭᠵᠢᠭᠦᠯᠬᠦ ᠵᠢᠭᠤᠯᠴᠢᠯᠠᠯ ᠢ ᠠᠭᠤᠰᠤᠯᠴᠠᠭᠤᠯᠬᠤ︾ ᠰᠢᠷᠢᠰ ᠠᠵᠢᠯᠯᠠᠭ᠎ᠠ ᠨᠢ ᠬᠤᠷᠴᠢᠨ ᠲᠣᠭᠤᠷᠢᠭ ᠤᠨ ᠪᠡᠶᠡᠳᠦ ᠪᠤᠰᠤ ᠰᠤᠶᠤᠯ ᠥᠪ ᠤᠨ ᠪᠦᠲᠦᠭᠡᠭᠳᠡᠬᠦᠨ ᠤ ᠨᠢᠭᠡ ᠤᠳᠠᠭᠠᠨ ᠤ ᠲᠥᠪᠯᠡᠷᠡᠩᠭᠦᠶ ᠦᠵᠡᠭᠦᠯᠦᠯᠭᠡ ᠲᠡᠳᠦᠶ ᠦᠭᠡᠶ᠂ ᠨᠡᠩ ᠴᠤ ᠰᠣᠶᠣᠯ ᠤᠨ ᠳᠦᠷᠢ ᠲᠥᠷᠬᠦ ᠶᠢ ᠪᠤᠢ ᠪᠣᠯᠭᠠᠵᠤ᠂ ᠰᠣᠶᠣᠯ ᠢᠷᠭᠡᠨᠰᠢᠯ ᠤᠨ ᠵᠤᠭᠠᠴᠠᠯ ᠤᠨ ᠬᠡᠷᠡᠭᠯᠡᠭᠡ ᠶᠢ ᠪᠤᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠣᠯᠳᠠᠰᠢ ᠦᠭᠡᠢ ᠠᠵᠠ ᠲᠣᠬᠢᠶᠠᠯ ᠪᠤᠯᠵᠠᠢ᠃ ᠲᠣᠰ ᠤᠳᠠᠭᠠᠨ ᠤ ᠰᠢᠷᠢᠰ ᠠᠵᠢᠯᠯᠠᠭ᠎ᠠ ᠨᠢ ︽ᠪᠡᠶᠡᠳᠦ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠪᠡᠶᠡᠳᠦ ᠪᠤᠰᠤ ᠰᠣᠶᠣᠯ ᠤᠨ ᠥᠪ ᠢ ᠲᠣᠭᠯᠠᠬᠤ᠂ ᠪᠡᠶᠡᠳᠦ ᠪᠤᠰᠤ ᠰᠣᠶᠣᠯ ᠤᠨ ᠥᠪ ᠢ ᠶᠠᠷᠢᠬᠤ᠂ ᠪᠡᠶᠡᠳᠦ ᠪᠤᠰᠤ ᠰᠣᠶᠣᠯ ᠤᠨ ᠥᠪ ᠢ ᠨᠡᠶᠢᠲᠡᠯᠡᠬᠦ︾ ᠬᠡᠯᠪᠡᠷᠢ ᠪᠠᠷ  ᠶᠠᠪᠤᠭᠳᠠᠭᠰᠠᠨ ᠪᠠᠶᠢᠵᠠᠢ᠃ ᠬᠤᠷᠴᠢᠨ ᠲᠣᠭᠤᠷᠢᠭ ᠤᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠵᠤ᠂ ᠬᠤᠷᠴᠢᠨ ᠲᠣᠭᠤᠷᠢᠭ ᠤᠨ ᠪᠡᠶᠡᠳᠦ ᠪᠤᠰᠤ ᠰᠣᠶᠣᠯ ᠤᠨ ᠥᠪ ᠢ ᠬᠠᠮᠠᠭᠠᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠡᠶᠡᠳᠦ ᠪᠤᠰᠤ ᠥᠪ ᠬᠥᠷᠥᠩᠭᠡ ᠶᠢᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ  ᠤᠯᠠᠮᠵᠢᠯᠠᠨ ᠦᠢᠯᠡᠳᠦᠯᠭᠡᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ ᠨᠢᠭᠡ ᠪᠦᠯᠦᠭ ᠰᠣᠳᠣᠨ ᠪᠦᠲᠦᠭᠡᠯ ᠢ ᠬᠦᠴᠦᠯᠡᠨ ᠡᠭᠦᠳᠦᠨ ᠪᠦᠲᠦᠭᠡᠨ᠎ᠡ᠃ ︽ᠬᠥᠮᠦᠨ ᠤ ᠦᠭᠡᠢ ᠨᠠᠳᠠᠳᠤ ᠪᠠᠶᠢᠬᠤ︾ ᠣᠨᠴᠠᠯᠢᠭ ᠪᠦᠬᠦᠢ  ᠪᠡᠶᠡᠳᠦ ᠪᠤᠰᠤ ᠰᠣᠶᠣᠯ ᠤᠨ ᠥᠪ ᠪᠣᠯᠤᠨ ᠥᠪᠡᠷᠮᠢᠴᠡ ᠰᠤᠶᠤᠯ ᠤᠨ ᠥᠩᠭᠡᠷᠡᠯᠲᠡ ᠪᠠᠷ ᠳᠠᠮᠵᠢᠨ ᠮᠠᠰᠢ ᠲᠠᠲᠠᠬᠤ ᠬᠦᠴᠦᠨ ᠲᠠᠢ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠰᠣᠶᠣᠯ ᠤᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ︽ ᠪᠡᠶᠡᠳᠦ ᠪᠤᠰᠤ ᠰᠣᠶᠣᠯ ᠤᠨ ᠥᠪ ᠤᠨ ᠠᠵᠤ ᠠᠬᠤᠢ︾ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠳᠤᠮᠳᠠ ᠬᠦᠴᠦᠯᠡᠵᠦ᠂ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃    ᠣᠶᠢᠯᠠᠭᠠᠭᠰᠠᠨ ᠢᠶᠠᠷ᠂ ︽ᠪᠡᠶᠡᠳᠦ ᠪᠤᠰᠤ ᠰᠣᠶᠣᠯ ᠤᠨ ᠥᠪ ᠤᠨ ᠰᠣᠶᠣᠯ ᠢ  ᠠᠮᠢᠯᠠᠭᠤᠯᠤᠨ ᠮᠠᠨᠳᠤᠭᠤᠯᠬᠤ ᠵᠢᠭᠤᠯᠴᠢᠯᠠᠯ   ᠢ ᠠᠭᠤᠰᠤᠯᠴᠠᠭᠤᠯᠬᠤ︾ ᠰᠢᠷᠢᠰ ᠠᠵᠢᠯᠯᠠᠭ᠎ᠠ ᠨᠢ ︽ᠡᠭᠦᠯᠡᠨ ᠱᠠᠩᠨᠠᠯ᠂ ᠪᠡᠶᠡᠳᠦ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠵᠠᠯᠭᠠᠮᠵᠢᠯᠠᠯ︾᠂ ︽ᠪᠡᠶᠡᠳᠦ ᠪᠤᠰᠤ ᠰᠣᠶᠣᠯ ᠤᠨ ᠪᠦᠲᠦᠭᠡᠯᠴᠢ ᠪᠦᠲᠦᠭᠡᠯ ᠤᠨ ᠦᠵᠡᠭᠦᠯᠭᠡ︾᠂ ︽ ᠪᠡᠶᠡᠳᠦ ᠪᠤᠰᠤ ᠰᠣᠶᠣᠯ ᠤᠨ ᠥᠪ ᠤᠨ ᠬᠡᠷᠡᠯ ᠵᠢᠷᠤᠭ ᠤᠨ ᠦᠵᠡᠰᠬᠦᠯᠡᠩ︾᠂ ︽ᠤᠳᠤᠮᠯᠠᠯ ᠤᠨ ᠪᠤᠰᠤ  ᠳᠠᠭᠠᠭᠠᠴᠠ‌‍ᠢ ᠶᠢᠨ ᠱᠤᠭᠤᠮ ᠳᠡᠭᠡᠷᠡᠬᠢ ᠭᠠᠷ ᠤᠷᠠᠯᠠᠯ ᠤᠨ ᠦᠵᠡᠭᠦᠯᠦᠯᠭᠡ︾᠂ ︽ᠪᠡᠶᠡᠳᠦ ᠪᠤᠰᠤ ᠰᠣᠶᠣᠯ ᠤᠨ ᠥᠪ ᠤᠨ ᠰᠤᠯᠢᠯᠴᠠᠭᠠᠨ ᠤ ᠲᠠᠶᠢᠯᠤᠮᠵᠢ︾᠂ ︽ᠪᠡᠶᠡᠳᠦ ᠪᠤᠰᠤ ᠰᠣᠶᠣᠯ ᠤᠨ ᠥᠪ ᠢ ᠪᠢ  ᠬᠡᠯᠡᠰᠦᠭᠡᠢ︾ ︽ᠪᠡᠶᠡᠳᠦ ᠪᠤᠰᠤ ᠰᠣᠶᠣᠯ ᠤᠨ ᠥᠪ ᠤᠨ ᠪᠠᠷᠠᠭ᠎ᠠ ᠬᠤᠳᠠᠯᠳᠤᠨ ᠠᠪᠬᠤ ᠪᠠᠶᠠᠷ︾ ᠵᠡᠷᠭᠡ ᠭᠤᠤᠯ ᠰᠡᠳᠦᠪᠲᠦ ᠠᠵᠢᠯᠯᠠᠭ᠎ᠠ ᠨᠤᠭᠤᠳ ᠢ ᠪᠠᠭᠲᠠᠭᠠᠵᠠᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号