ᠡᠷᠲᠡ ᠣᠷᠣᠢ ᠶᠢᠨ ᠵᠠᠬ᠎ᠠ ᠳᠡᠯᠭᠡᠭᠦᠷ ᠬᠤᠲᠠ ᠳᠤ ᠠᠮᠢᠳᠤᠯᠢᠭ ᠢᠶᠠᠷ ᠠᠵᠢᠯᠯᠠᠵᠤ ᠪᠠᠶᠢᠭ᠎ᠠ ᠬᠥᠮᠦᠰ ᠢ ᠰᠢᠩᠭᠡᠭᠡᠨ ᠠᠪᠴᠤ ᠠᠳᠠᠯ  ᠦᠢᠯᠡᠰ ᠴᠤᠭᠴᠠᠯᠠᠬᠤ ᠶᠢ ᠠᠬᠢᠭᠤᠯᠵᠤ ᠠᠵᠢᠯ ᠣᠯᠭᠤᠯᠲᠠ ᠶᠢ ᠳᠠᠶᠢᠴᠢᠯᠠᠨ᠎ᠠ
ᠨᠡᠶᠢᠲᠡᠯᠡᠭᠰᠡᠨ ᠴᠠᠭ᠄
2020-06-17
 ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠮᠤᠨᠳᠠᠭ ᠶᠡᠭᠡ ᠠᠳᠠᠯ ᠦᠢᠯᠡᠰ ᠴᠣᠭᠴᠠᠯᠠᠬᠤ᠂ ᠠᠵᠢᠯ ᠣᠯᠬᠤ ᠬᠥᠮᠦᠨ ᠠᠮᠠ ᠶᠢ ᠰᠢᠩᠭᠡᠭᠡᠨ ᠠᠪᠴᠤ᠂ ᠬᠤᠲᠠ ᠶᠢᠨ ᠠᠷᠠᠳ ᠲᠤ ᠠᠮᠢᠳᠤᠯᠢᠭ ᠪᠥᠭᠡᠳ ᠣᠯᠠᠨ ᠶᠠᠩᠵᠤᠯᠠᠭᠰᠠᠨ ᠦᠢᠯᠡᠴᠢᠯᠡᠭᠡ ᠬᠠᠩᠬᠠᠵᠤ᠂ ᠴᠥᠭᠡᠨ ᠪᠤᠰᠤ ᠬᠦᠮᠦᠰ   ᠲᠤ ᠳᠡᠮᠵᠢᠭᠰᠡᠨ ᠪᠦᠭᠡᠳ ᠥᠪᠡᠷ ᠤᠨ ᠦᠨ᠎ᠡ ᠥᠷᠲᠡᠭ ᠢ ᠪᠡᠶᠡᠯᠡᠭᠦᠯᠪᠡ᠃    ᠥᠷᠯᠥᠭᠡ ᠶᠢᠨ 6 ᠴᠠᠭ ᠭᠠᠷᠤᠶ ᠳᠤ ᠰᠤᠷᠪᠤᠯᠵᠢᠯᠠᠭᠴᠢ ᠰᠢ ᠱᠦᠨ ᠵᠠᠮ ᠤᠨ ᠡᠷᠲᠡ ᠶᠢᠨ ᠵᠠᠬ᠎ᠠ ᠳᠤ ᠠᠯᠬᠤᠵᠤ  ᠬᠦᠷᠴᠡᠢ᠃ ᠡᠨᠡ ᠦᠶ᠎ᠡ ᠳᠤ ᠡᠷᠲᠡ ᠶᠢᠨ ᠵᠠᠬ᠎ᠠ ᠪᠠᠷ ᠬᠡᠰᠦᠵᠦ ᠪᠠᠶᠢᠭ᠎ᠠ ᠬᠥᠮᠦᠰ ᠰᠢᠬᠠᠯᠴᠠᠨ᠂ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠠᠳᠡ ᠢᠳᠡᠰᠢᠨ ᠨᠣᠭᠤᠭ᠎ᠠ ᠵᠢᠮᠢᠰ᠂ ᠮᠢᠬ᠎ᠠ ᠥᠨᠳᠡᠭᠡ ᠰᠦ ᠬᠠᠳᠠᠯᠳᠤᠵᠤ ᠪᠠᠶᠢᠪᠠ᠃ ᠪᠠᠰᠠ ᠪᠤᠷᠴᠠᠭ ᠤᠨ ᠵᠤᠲᠠᠩ᠂ ᠬᠤᠨᠢᠨ ᠱᠥᠯᠥ ᠲᠠᠢ ᠱᠠᠯᠪᠢᠩ ᠬᠤᠳᠠᠯᠳᠤᠬᠤ ᠁ ᠳᠡᠯᠭᠡᠭᠦᠷ ᠪᠣᠯᠭᠠᠨ  ᠤ ᠡᠮᠦᠨᠡᠭᠦᠷ ᠦᠷᠭᠦᠯᠵᠢ ᠪᠠᠷᠠᠭ᠎ᠠ ᠬᠤᠳᠠᠯᠳᠤᠨ ᠠᠪᠬᠤ ᠬᠤᠲᠠ ᠶᠢᠨ ᠠᠷᠠᠳ  ᠬᠠᠷᠠᠭᠳᠠᠳᠠᠭ᠃ ᠬᠤᠳᠠᠯᠳᠤᠬᠤ ᠳᠠᠭᠤᠨ ᠪᠣᠯᠤᠨ ᠦᠨ᠎ᠡ ᠬᠠᠶᠠᠯᠴᠠᠬᠤ ᠳᠠᠭᠤᠨ ᠰᠦᠯᠵᠢᠯᠳᠦᠵᠦ᠂ ᠠᠭᠠᠷ ᠳᠣᠲᠣᠷ᠎ᠠ ᠲᠠᠨᠢᠯ ᠲᠠᠰᠤᠯ ᠬᠤᠲᠠ ᠶᠢᠨ ᠠᠮᠢᠵᠢᠷᠠᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠶᠠᠩ ᠯᠢ ᠷᠦᠩ ᠡᠷ᠎ᠡ ᠡᠮ᠎ᠡ ᠬᠤᠶᠠᠭᠤᠯᠠ ᠥᠷᠯᠥᠭᠡ ᠶᠢᠨ ᠬᠤᠭᠤᠯᠠ ᠢᠳᠡᠬᠦ ᠭᠠᠵᠠᠷ ᠭᠠᠷᠭᠠᠭᠠᠳ 9 ᠵᠢᠯ ᠪᠣᠯᠵᠤ  ᠪᠠᠶᠢᠨ᠎ᠠ᠃ ᠤᠤᠯ ᠨᠢ ᠬᠥᠳᠡᠭᠡ ᠲᠣᠰᠬᠤᠨ ᠳᠤ ᠲᠠᠷᠢᠶ᠎ᠠ ᠲᠠᠷᠢᠬᠤ ᠳᠠᠭᠠᠨ ᠲᠦᠰᠢᠭᠯᠡᠨ ᠠᠮᠢᠳᠤᠷᠠᠯ ᠢᠶᠠᠨ ᠠᠷᠭᠠᠴᠠᠭᠠᠵᠤ ᠪᠠᠶᠢᠭᠰᠠᠨ ᠠᠴᠠ ᠲᠦᠩᠯᠢᠶᠣᠤ ᠬᠤᠲᠠ ᠳᠤ ᠬᠦᠷᠴᠦ ᠢᠷᠡᠭᠰᠡᠨ ᠠᠴᠠ ᠶᠠᠩ ᠯᠢ ᠷᠦᠩ ᠤᠨ ᠭᠡᠷ ᠪᠦᠯᠢ ᠶᠢᠨ ᠰᠠᠷ᠎ᠠ   ᠶᠢᠨ ᠣᠷᠣᠯᠭ᠎ᠠ ᠨᠢ ᠲᠦᠮᠡ ᠬᠡᠲᠦᠷᠡᠭᠦᠯᠵᠡᠶ᠃ ᠡᠷ᠎ᠡ ᠡᠮ᠎ᠡ ᠬᠤᠶᠠᠭᠤᠯᠠ ᠦᠨᠡᠨᠴᠢ ᠬᠥᠳᠡᠯᠮᠦᠷᠢ ᠪᠠᠷ ᠢᠶᠠᠨ ᠡᠨᠡ ᠬᠤᠲᠠ ᠳᠤ ᠬᠥᠯ ᠲᠣᠭᠲᠠᠵᠤ ᠪᠠᠶᠢᠨ᠎ᠠ᠃    ᠵᠤᠨ ᠤ ᠳᠡᠯᠭᠡᠷ ᠤᠯᠠᠷᠢᠯ ᠳᠤ ᠬᠥᠮᠦᠰ ᠨᠢᠭᠡ ᠡᠳᠦᠷ ᠶᠠᠭᠠᠷᠠᠭᠰᠠᠨ ᠤ ᠳᠠᠷᠠᠭ᠎ᠠ᠂ ᠬᠥᠮᠦᠰ ᠤᠨ ᠰᠡᠳᠬᠢᠯ ᠢ ᠬᠠᠮᠤᠭ ᠠᠴᠠ ᠢᠯᠡᠭᠦᠦ ᠢᠯᠪᠢᠳᠡᠭ ᠨᠢ ᠰᠠᠶᠢᠨ ᠨᠠᠶᠢᠵᠠ ᠲᠠᠢ ᠪᠣᠯᠵᠣᠬᠤ᠂ ᠫᠢᠸᠤ᠋ ᠤᠤᠭᠤᠬᠤ᠂ ᠮᠢᠬᠠᠨ ᠱᠣᠷᠣᠯᠠᠭ ᠠᠪᠤᠨ᠎ᠠ᠃ ᠵᠢᠦ ᠵᠦᠩ ᠰᠥᠨᠢ ᠶᠢᠨ ᠵᠠᠬ᠎ᠠ ᠪᠣᠯ ᠭᠤᠤᠯ ᠬᠤᠲᠠ ᠶᠢᠨ ᠲᠣᠭᠤᠷᠢᠭ ᠲᠤ ᠬᠥᠮᠦᠨ ᠤ ᠤᠷᠤᠰᠬᠠᠯ ᠬᠠᠮᠤᠭ ᠤᠨ ᠤᠯᠠᠨ᠂ ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠭ ᠤᠨ ᠬᠥᠷ ᠬᠥᠭᠵᠢᠶᠡᠨ ᠲᠠᠢ ᠰᠥᠨᠢ ᠶᠢᠨ ᠵᠠᠬ᠎ᠠ ᠪᠣᠯᠤᠨ᠎ᠠ᠃ ᠠᠳᠡ ᠮᠠᠰᠢ ᠤᠯᠠᠨ ᠦᠢᠯᠡᠰ ᠪᠣᠰᠬᠠᠭᠴᠢᠳ ᠪᠤᠢ ᠪᠣᠯᠪᠠ᠂ ᠯᠢᠦ ᠶᠠᠨ ᠵᠢᠶᠧ ᠪᠣᠯ ᠳᠠᠷᠤᠢ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃    ᠯᠢᠦ ᠶᠠᠨ ᠵᠢᠶᠧ ᠶᠢᠨ ᠰᠤᠷᠪᠤᠯᠵᠢᠯᠠᠭᠴᠢ ᠳᠤ ᠲᠠᠨᠢᠯᠴᠠᠭᠤᠯᠤᠭᠰᠠᠨ ᠢ ᠦᠨᠳᠦᠰᠦᠯᠡᠪᠡᠯ᠂ ᠲᠡᠭᠦᠨ ᠤ ᠳᠠᠯᠠᠶ ᠶᠢᠨ ᠢᠳᠡᠭᠡᠨ ᠤ ᠰᠢᠷᠠᠮᠠᠯ ᠤᠨ ᠳᠡᠯᠭᠡᠭᠦᠷ ᠨᠢ ᠡᠳᠦᠷ ᠪᠦᠷᠢ ᠲᠦᠮᠡ ᠠᠴᠠ ᠬᠤᠶᠠᠷ ᠲᠦᠮᠡᠨ ᠲᠥᠭᠦᠷᠢᠭ ᠬᠦᠷᠴᠦ᠂ ᠬᠠᠮᠤᠭ ᠤᠨ ᠰᠠᠶᠢᠨ ᠳᠠᠭᠠᠨ 30 ᠭᠠᠷᠤᠶ ᠰᠢᠷᠡᠭᠡ ᠶᠢ ᠨᠢᠭᠡ ᠰᠥᠨᠢ ᠬᠤᠶᠠᠷ ᠬᠥᠷᠪᠡᠭᠦᠯᠳᠡᠭ᠃ ᠲᠡᠭᠦᠨ ᠤ ᠬᠥᠯᠥᠰᠥᠯᠡᠭᠰᠡᠨ 30 ᠭᠠᠷᠤᠶ ᠦᠢᠯᠡᠴᠢᠯᠡᠭᠴᠢ ᠶᠢᠨ ᠰᠠᠷ᠎ᠠ ᠪᠦᠷᠢ ᠶᠢᠨ ᠴᠠᠯᠢᠩ ᠨᠢ ᠴᠦ ᠲᠦᠷᠪᠡᠨ ᠮᠢᠩᠭ᠎ᠠ ᠠᠴᠠ ᠵᠢᠷᠭᠤᠭᠠᠨ ᠮᠢᠩᠭᠠᠨ ᠲᠥᠭᠦᠷᠢᠭ ᠲᠤ ᠬᠦᠷᠳᠡᠭ᠃    ᠡᠷᠲᠡ ᠶᠢᠨ ᠵᠠᠬ᠎ᠠ  ᠳᠡᠯᠭᠡᠭᠦᠷ᠂ ᠰᠥᠨᠢ ᠶᠢᠨ ᠵᠠᠬ᠎ᠠ  ᠳᠡᠯᠭᠡᠭᠦᠷ᠂ ᠵᠠᠰᠠᠮᠠᠯ ᠵᠠᠮ ᠤᠨ ᠵᠠᠬ᠎ᠠ ᠳᠡᠯᠭᠡᠭᠦᠷ ᠨᠢ ᠠᠷᠠᠳ ᠣᠯᠠᠨ ᠤ  ᠡᠳᠦᠷ ᠲᠤᠲᠤᠮ ᠤᠨ ᠬᠡᠷᠡᠭᠴᠡᠭᠡ ᠶᠢ ᠶᠡᠭᠡ ᠪᠠᠷ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠡᠭᠦᠨ ᠤ ᠬᠠᠮᠲᠤ ᠬᠡᠷᠡᠭᠯᠡᠭᠡᠨ ᠳᠤ ᠰᠡᠳᠡᠯᠲᠡ ᠥᠭᠴᠦ᠂ ᠣᠷᠣᠯᠭ᠎ᠠ ᠪᠠᠭᠠᠲᠠᠶ ᠬᠥᠮᠦᠰ ᠤᠨ ᠠᠮᠢᠳᠤᠯᠢᠭ ᠠᠵᠢᠯ ᠤᠯᠭᠤᠯᠲᠠ ᠶᠢ ᠠᠬᠢᠭᠤᠯᠵᠤ᠂ ᠣᠷᠣᠯᠭ᠎ᠠ ᠪᠠᠭᠠᠲᠠᠶ ᠬᠥᠮᠦᠰ ᠢ ᠬᠢᠬᠦ ᠠᠵᠢᠯ ᠲᠠᠢ᠂ ᠣᠷᠣᠯᠭ᠎ᠠ ᠲᠠᠢ ᠪᠣᠯᠭᠠᠵᠠᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号