ᠬᠤᠷᠴᠢᠨ ᠲᠣᠭᠤᠷᠢᠭ᠄ ᠦᠢᠯᠡᠴᠢᠯᠡᠭᠡᠨ ᠤ ᠲᠠᠪᠴᠠᠩ ᠪᠠᠶᠢᠭᠤᠯᠵᠤ ᠬᠥᠳᠡᠯᠮᠦᠷᠢ ᠬᠦᠴᠦᠨ ᠤ ᠭᠠᠷᠭᠠᠯᠭ᠎ᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2020-06-17
ᠵᠢᠯ ᠤᠨ ᠡᠬᠢᠨ ᠠᠴᠠ ᠨᠠᠰᠢ᠂ ᠬᠤᠷᠴᠢᠨ ᠲᠣᠭᠤᠷᠢᠭ ᠤᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠡᠯ᠎ᠡ ᠪᠠᠯᠭᠠᠰᠤ᠂ ᠰᠤᠮᠤᠨ ᠤ ᠲᠤᠬᠠᠶ ᠶᠢᠨ ᠲᠠᠯᠠᠪᠠᠢ ᠳᠤ ᠬᠦᠷᠴᠦ ᠠᠵᠢᠯᠲᠠᠨ ᠡᠯᠰᠡᠬᠦ ᠠᠵᠢᠯᠯᠠᠭ᠎ᠠ ᠡᠷᠬᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ᠂ ᠦᠯᠡᠭᠦᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠠᠷᠢᠯᠢᠭ ᠣᠨᠣᠴᠠᠲᠠᠶ᠂ ᠲᠣᠭᠲᠠᠭᠤᠨ᠂ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠰᠠᠶᠢᠨ ᠣᠷᠴᠢᠯ ᠢ ᠪᠤᠢ ᠪᠤᠯᠭᠠᠵᠤ ᠪᠤᠢ᠃    ᠬᠠᠷ᠎ᠠ ᠥᠷᠯᠥᠭᠡ᠂ ᠲᠦᠩᠯᠢᠶᠣᠤ ᠶᠢᠨ ᠨᠠᠷᠢᠯᠢᠭ ᠠᠵᠤ ᠦᠶ᠋ᠯᠡᠳᠪᠦᠷᠢ ᠶᠢᠨ ᠪᠢᠳᠤᠷᠢᠶ᠎ᠠ ᠬᠢᠵᠠᠭᠠᠷᠲᠤ ᠺᠣᠮᠫᠠᠨᠢ᠂ ᠲᠦᠩᠯᠢᠶᠣᠤ ᠬᠤᠲᠠ ᠶᠢᠨ ᠲᠢᠶᠠᠨ ᠴᠧᠩ ᠴᠢᠳᠬᠤᠬᠤ ᠮᠠᠲ᠋ᠧᠷᠢᠶᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠦᠩᠯᠢᠶᠣᠤ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 34 ᠠᠵᠤ ᠠᠬᠤᠶᠢᠯᠠᠯ 3159 ᠠᠵᠢᠯ ᠤᠨ ᠪᠠᠶᠢᠷᠢ ᠳᠠᠭᠠᠭᠤᠯᠵᠤ᠂ ᠠᠵᠢᠯ ᠣᠯᠭᠤᠬᠤ ᠰᠠᠯᠠᠭ᠎ᠠ ᠮᠥᠴᠢᠷ ᠲᠠᠢ ᠬᠠᠮᠲᠤ ᠴᠢᠶᠠᠨ ᠵᠢᠶᠠ ᠳ᠋ᠢᠶᠠᠨ ᠪᠠᠯᠭᠠᠰᠤᠨ ᠤ ᠺᠦᠩ ᠵᠢᠶᠠ ᠶᠣᠰᠣᠯᠠᠯ ᠤᠨ ᠲᠢᠩᠬᠢᠮ ᠳᠤ ᠬᠦᠷᠴᠦ᠂ ᠴᠢᠶᠠᠨ ᠵᠢᠶᠠ ᠳ᠋ᠢᠶᠠᠨ ᠪᠠᠯᠭᠠᠰᠤᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠡᠷᠦᠬᠡ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠪᠡ᠃    ᠲᠣᠰ ᠤᠳᠠᠭᠠᠨ ᠤ ᠤᠷᠢᠵᠤ ᠡᠯᠰᠡᠬᠦ ᠴᠤᠭᠯᠠᠭᠠᠨ ᠤ ᠠᠵᠢᠯ ᠤᠨ ᠪᠠᠶᠢᠷᠢ ᠨᠢ ᠬᠡᠷ ᠤᠨ ᠶᠠᠪᠤᠳᠠᠯ ᠤᠨ ᠦᠢᠯᠡᠴᠢᠯᠡᠭᠡ᠂ ᠡᠩ ᠤᠨ ᠠᠵᠢᠯᠴᠢᠨ᠂ ᠮᠡᠷᠭᠡᠵᠢᠯ ᠤᠨ ᠠᠵᠢᠯᠴᠢᠨ᠂ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠣᠯᠠᠨ ᠬᠦᠷᠢᠶᠡᠨ ᠳᠤ ᠬᠤᠯᠪᠣᠭᠳᠠᠨ᠎ᠠ᠃ ᠲᠠᠯᠠᠪᠠᠶ ᠳᠤ ᠣᠷᠣᠵᠤ ᠠᠵᠢᠯ ᠡᠷᠢᠭᠰᠡᠳ 416 ᠬᠥᠮᠦᠨ ᠤᠳᠠᠭ᠎ᠠ ᠳᠤ ᠬᠦᠷᠴᠦ᠂ 11 ᠬᠥᠮᠦᠨ ᠤᠳᠠᠭ᠎ᠠ ᠳᠤ ᠠᠵᠢᠯ ᠤᠯᠭᠤᠬᠤ ᠰᠠᠨᠠᠮᠵᠢ ᠲᠠᠢ ᠪᠣᠯᠪᠠ᠃    ᠭᠠᠳᠠᠭᠰᠢ ᠭᠠᠷᠭᠠᠬᠤ ᠬᠥᠮᠦᠰ ᠤᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠪᠠᠲᠤᠯᠠᠬᠤ ᠶᠢᠨ ᠲᠥᠯᠥᠭᠡ᠂ ᠬᠤᠷᠴᠢᠨ ᠲᠣᠭᠤᠷᠢᠭ ᠪᠠᠰᠠ ᠢᠳᠡᠪᠬᠢᠲᠡᠶ ᠪᠠᠷ ᠬᠠᠮᠲᠤᠷᠠᠨ ᠪᠣᠯᠪᠠᠰᠤᠷᠠᠭᠤᠯᠬᠤ ᠰᠤᠷᠭᠠᠭᠤᠯᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠢᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠢ ᠡᠷᠦᠬᠡ ᠭᠡᠷ ᠤᠨ ᠡᠭᠦᠳᠡᠨ ᠳᠤ ᠰᠦᠢᠳᠭᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠬᠤ ᠲᠥᠷᠥ ᠶᠢᠨ ᠪᠤᠳᠤᠯᠭ᠎ᠠ ᠶᠢ ᠬᠦᠷᠲᠡᠵᠦ ᠪᠣᠯᠤᠨ᠎ᠠ᠃ ᠮᠡᠷᠭᠡᠵᠢᠯ ᠤᠨ ᠴᠢᠳᠠᠪᠤᠷᠢ ᠶᠢᠨ ᠬᠢᠷᠢ  ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃    ᠳᠥᠷᠪᠡᠳᠦᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠷᠴᠢᠨ ᠲᠣᠭᠤᠷᠢᠭ ᠲᠤ 1190 ᠬᠥᠮᠦᠨ ᠳᠤ ᠠᠵᠢᠯ ᠣᠯᠭᠤᠵᠤ᠂ ᠰᠦᠯᠵᠢᠶᠡᠨ ᠳᠡᠭᠡᠷ᠎ᠡ 104 ᠬᠥᠮᠦᠨ ᠳᠤ ᠪᠣᠯᠪᠠᠰᠤᠷᠠᠯ ᠬᠦᠷᠲᠡᠭᠡᠪᠡ᠃ ᠪᠦᠬᠦ  ᠲᠤᠭᠤᠷᠢᠭ ᠤᠨ ᠨᠡᠶᠢᠲᠡ 43462 ᠲᠠᠷᠢᠶᠠᠴᠢᠨ ᠮᠠᠯᠴᠢᠨ ᠬᠦᠴᠦ ᠶᠠᠪᠤᠭᠰᠠᠳ ᠢ ᠰᠢᠯᠵᠢᠭᠦᠯᠦᠨ ᠠᠵᠢᠯ ᠣᠯᠭᠤᠪᠠ᠃᠂  ᠪᠦᠬᠦ ᠲᠤᠭᠤᠷᠢᠭ ᠨᠡᠶᠢᠲᠡ43462 ᠲᠠᠷᠢᠶᠠᠴᠢᠨ ᠮᠠᠯᠴᠢᠨ ᠤ ᠬᠦᠯᠦᠰᠦᠨ ᠠᠵᠢᠯᠲᠠᠨ ᠢ ᠰᠢᠯᠵᠢᠭᠦᠯᠦᠨ ᠥᠭᠭᠦᠭᠰᠡᠨ ᠪᠦᠭᠡᠳ ᠡᠭᠦᠨ ᠤ ᠳᠤᠲᠤᠷ᠎ᠠ ᠵᠢᠷᠭᠤᠭᠠᠨ ᠰᠠᠷ᠎ᠠ ᠠᠴᠠ ᠳᠡᠭᠡᠭᠰᠢ ᠨᠢ 12170 ᠬᠥᠮᠦᠨ ᠪᠣᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号