ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠡᠨ ᠤ ᠨᠣᠷᠮ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠵᠤ ᠠᠬᠤᠶᠢᠯᠠᠯ᠂ ᠣᠯᠠᠨ ᠲᠦᠮᠡᠨ ᠳᠤ ᠨᠠᠩ ᠥᠨᠳᠥᠷ | ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ | ᠦᠨᠡᠨᠬᠦ ᠪᠠᠲᠤᠯᠠᠵᠤ᠂ ᠬᠤᠷᠴᠢᠨ ᠲᠣᠭᠤᠷᠢᠭ ︽ ᠮᠦᠩᠬᠡ ᠰᠤᠪᠠᠭ︾ ᠤᠨ APP ᠶᠢ ᠤᠬᠠᠭᠤᠯᠬᠤ ᠪᠠ | ᠳᠡᠯᠭᠡᠷᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠣᠲᠣ ᠨᠢᠭᠡᠨᠲᠡ ᠬᠤᠷᠴᠢᠨ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠳᠡᠯᠭᠡᠨ ᠦᠵᠡᠭᠦᠯᠬᠦ ᠲᠠᠯᠪᠢᠭᠤᠷ᠂ ᠡᠯᠧᠺᠲᠷᠣᠨ ᠳᠡᠯᠭᠡᠴᠡ᠂ | ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠣᠯᠠᠨ | ᠠᠷᠭ᠎ᠠ ᠵᠠᠮ᠂ ᠪᠥᠬᠦ ᠲᠠᠯ᠎ᠠ ᠶᠢᠨ ᠤᠬᠠᠭᠤᠯᠭ᠎ᠠ ᠬᠢᠵᠦ ᠪᠠᠶᠢᠨ᠎ᠠ᠃ | ︽ᠮᠦᠩᠬᠡ ᠰᠤᠪᠠᠭ︾ ᠤᠨ APP ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠣᠷᠳᠣᠨ ᠤ ᠡᠭᠦᠳᠦᠨ ᠪᠠᠶᠢᠭᠤᠯᠤᠭᠰᠠᠨ ᠪᠥᠬᠦ ᠣᠷᠣᠨ ᠤ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠪᠣᠯᠤᠨ᠎ᠠ᠂ ᠠᠵᠤ ᠠᠬᠤᠶᠢᠯᠠᠯ | ᠪᠣᠯᠤᠨ ᠥᠷᠭᠡᠨ ᠣᠯᠠᠨ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ︽ᠨᠢᠭᠡ ᠥᠷᠲᠡᠭᠡ ᠮᠠᠶ᠋ᠢᠭ︾ ᠤᠨ | ᠭᠠᠷ ᠤᠨ ᠠᠯᠠᠭᠠᠨ ᠳᠡᠭᠡᠷ᠎ᠡ ᠪᠠᠨ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠪᠠᠨ ᠭᠦᠢᠴᠡᠳᠭᠡᠬᠦ᠂ ᠠᠯᠠᠭᠠᠨ | ᠳᠡᠭᠡᠷ᠎ᠡ ᠪᠠᠨ ᠦᠨᠡᠯᠡᠬᠦ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠨ᠎ᠠ᠃ ᠣᠯᠠᠨ ᠲᠦᠮᠡᠨ ︽ ᠮᠦᠩᠬᠡ ᠰᠤᠪᠠᠭ︾ ᠤᠨ APP ᠶᠢ ᠪᠠᠭᠤᠯᠭᠠᠵᠤ᠂ ᠳᠡᠩᠰᠡᠯᠡᠨ ᠲᠡᠮᠳᠡᠭᠯᠡᠬᠦ ᠪᠠ | ᠦᠨᠡᠨ ᠨᠡᠷ᠎ᠡ ᠪᠠᠷ ᠭᠡᠷᠡᠴᠢᠯᠡᠪᠡᠯ ᠳᠠᠷᠤᠶ ᠬᠡᠷᠡᠭᠯᠡᠵᠦ ᠪᠣᠯᠤᠨ᠎ᠠ ᠃ ︽ ᠮᠦᠩᠬᠡ ᠰᠤᠪᠠᠭ︾ APP ᠨᠢ ᠡᠷᠡᠭᠦᠯ | ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠵᠡᠩᠨᠡᠯᠲᠡ ᠶᠢᠨ ᠦᠨᠡᠮᠯᠡᠯ ᠵᠡᠷᠭᠡ ᠣᠯᠠᠨ ᠵᠦᠢᠯ ᠤᠨ | ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ ᠪᠠ ᠭᠠᠷᠭᠠᠨ ᠦᠵᠡᠭᠦᠯᠬᠦ ᠶᠢ ᠳᠡᠮᠵᠢᠨ᠎ᠡ᠃ ᠢᠯᠠᠩᠭᠤᠶ᠎ᠠ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ︽ ᠮᠦᠩᠬᠡ ᠰᠤᠪᠠᠭ︾ APP ᠳᠣᠲᠣᠷᠠᠬᠢ ︽ | ᠡᠷᠡᠭᠦᠯ ᠮᠡᠨᠳᠦ ᠶᠢᠨ ᠺᠠᠷᠲ︾ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ᠂ ᠠᠵᠢᠯ | ᠰᠡᠷᠭᠦᠭᠡᠬᠦ᠂ ᠡᠪᠡᠳᠴᠢᠨ ᠦᠵᠡᠭᠦᠯᠬᠦ ᠶᠢᠨ ᠡᠯᠧᠺᠲᠷᠣᠨ ᠭᠡᠷᠡᠴᠢ ᠪᠠᠷᠢᠮᠲᠠ ᠪᠣᠯᠭᠠᠵᠤ᠂ ᠣᠯᠠᠨ ᠲᠦᠮᠡᠨ ᠤ | ᠡᠷᠡᠭᠦᠯ ᠢᠶᠠᠷ ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠡᠴᠢᠯᠡᠭᠡᠨ ᠤ | ᠲᠥᠪ ᠢᠶᠠᠷ ᠣᠷᠣᠵᠤ ᠭᠠᠷᠬᠤ ᠬᠥᠮᠦᠰ ᠪᠦᠬᠦᠨ ᠢ ᠴᠥᠮ ᠺᠣᠳ᠋ ᠰᠢᠷᠪᠢᠵᠦ᠂ ᠳᠠᠩᠰᠠᠯᠠᠬᠤ ᠬᠡᠷᠡᠭᠲᠡᠶ᠃ ᠬᠤᠷᠴᠢᠨ | ᠲᠣᠭᠤᠷᠢᠭ ᠨᠢᠭᠡᠨᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠲᠤᠰᠬᠠᠶ ᠬᠥᠮᠦᠨ ᠢ ᠲᠠᠲᠠᠵᠤ᠂ ︽ᠮᠦᠩᠬᠡ ᠰᠤᠪᠠᠭ︾ APP ᠶᠢ ᠬᠡᠷᠡᠭᠯᠡᠨ ᠳᠡᠯᠭᠡᠷᠡᠭᠦᠯᠬᠦ 5 ᠠᠵᠢᠯᠯᠠᠬᠤ | ᠳᠤᠭᠤᠶᠢᠯᠠᠩ ᠪᠠᠶᠢᠭᠤᠯᠵᠤ᠂ ᠠᠵᠢᠯ ᠶᠠᠪᠤᠳᠠᠯ ᠬᠦᠢᠴᠡᠳᠭᠡᠬᠦ ᠣᠯᠠᠨ ᠲᠦᠮᠡᠨ ᠢ ᠬᠠᠪᠰᠤᠷᠤᠨ ᠵᠢᠯᠣᠭᠤᠳᠴᠤ | ᠪᠠᠶᠢᠭᠠᠳ ︽ ᠮᠦᠩᠬᠡ ᠰᠤᠪᠠᠭ︾ APP ᠶᠢ ᠪᠠᠭᠤᠯᠭᠠᠨ ᠠᠪᠴᠤ ᠬᠡᠷᠡᠭᠯᠡᠭᠦᠯᠪᠡ᠃ ︽ ᠮᠦᠩᠬᠡ ᠰᠤᠪᠠᠭ︾ | APP ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ︽ᠢᠨᠲ᠋ᠧᠷ ᠰᠦᠯᠵᠢᠶ᠎ᠡ︾ ᠶᠢᠨ ᠪᠦᠲᠦᠮᠵᠢᠲᠡᠢ | ᠠᠭᠤᠰᠤᠯᠴᠠᠯ ᠢ ᠠᠬᠢᠭᠤᠯᠤᠭᠰᠠᠨ ᠮᠥᠷᠲᠡᠭᠡᠨ ᠪᠠᠰᠠ ᠠᠵᠤ ᠠᠬᠤᠶᠢᠯᠠᠯ ᠤᠨ ᠣᠯᠠᠨ ᠲᠦᠮᠡᠨ ᠢ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠠᠩ ᠳᠥᠭᠦᠮ ᠳᠥᠲᠡ᠂ ᠥᠨᠳᠥᠷ | ᠪᠦᠲᠦᠮᠵᠢᠲᠡᠶ ᠠᠰᠢᠭᠯᠠᠨ ᠭᠦᠢᠴᠡᠳᠭᠡᠬᠦ ᠵᠦᠢᠯᠡᠰ ᠢ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠪᠣᠯᠭᠠᠨ᠎ᠠ᠃ | |