ᠢᠦᠶ ᠾᠦᠢ ᠲᠤᠤ ᠬᠤᠷᠴᠢᠨ ᠮᠣᠩᠭᠤᠯ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-06-24
  6 ᠰᠠᠷ᠎ᠠ ᠶᠢᠨ 19 ᠤ ᠦᠳᠡ ᠶᠢᠨ ᠡᠮᠦᠨ᠎ᠡ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠢ  ᠾᠦᠢ ᠲᠤᠤ ᠳᠤᠭᠤᠶᠢᠯᠠᠩ ᠳᠠᠭᠠᠭᠤᠯᠤᠨ ᠬᠤᠷᠴᠢᠨ ᠮᠣᠩᠭᠤᠯ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠨᠢ ᠵᠢᠭᠠᠨ ᠵᠢᠯᠣᠭᠤᠳᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠰᠢᠶᠤᠤ  ᠾᠦᠢ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠠᠷᠤᠭ᠎ᠠ ᠴᠢᠨ ᠯᠢᠩ᠂ ᠳᠡᠳ᠋ ᠳᠠᠷᠤᠭ᠎ᠠ ᠭᠦᠸᠧ ᠸᠧᠢ ᠳ᠋ᠦᠩ ᠪᠠᠷ᠎ᠠ ᠪᠣᠯᠪᠠ᠃    ᠢᠦᠢ ᠾᠦᠢ ᠲᠤᠤ ᠨᠠᠷ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠪᠠᠶᠢᠷᠢ ᠶᠢᠨ ᠭᠡᠷ᠂ ᠬᠤᠭᠤᠯᠠᠨ ᠭᠡᠷ ᠵᠡᠷᠭᠡ ᠶᠢ ᠪᠠᠶᠢᠴᠠᠭᠠᠨ ᠦᠵᠡᠪᠡ᠃ ᠰᠤᠷᠭᠠᠭᠤᠯᠢ ᠡᠷᠬᠢᠯᠡᠬᠦ ᠬᠡᠪᠴᠢᠶ᠎ᠡ᠂ ᠰᠤᠷᠭᠠᠭᠤᠯᠢ ᠡᠷᠬᠢᠯᠡᠬᠦ ᠣᠨᠴᠠᠯᠢᠭ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ  ᠶᠢᠨ ᠬᠠᠮᠢᠶᠠᠷᠤᠯᠲᠠ ᠵᠢᠴᠢ ᠰᠤᠷᠤᠭᠴᠢ ᠶᠢᠨ ᠢᠷᠡᠯᠲᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠬᠤᠷᠴᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠵᠠᠬᠢᠷᠤᠯ ᠸᠠᠩ ᠴᠢᠤᠸᠠᠨ ᠰᠤᠷᠭᠠᠭᠤᠯᠢ ᠶᠢᠨ ᠰᠤᠷᠭᠠᠭᠤᠯᠢ ᠶᠢᠨ ᠦᠨᠳᠦᠰᠦᠨ ᠰᠤᠷᠭᠠᠭᠤᠯᠢ ᠡᠷᠬᠢᠯᠡᠭᠰᠡᠨ ᠪᠠᠶᠢᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃    ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠢᠦᠶ ᠾᠦᠢ ᠲᠤᠤ ᠵᠢᠭᠠᠵᠤ ᠭᠠᠷᠭᠠᠭᠰᠠᠨ ᠨᠢ᠂ ᠦᠨᠳᠦᠰᠦᠲᠡᠨ ᠤ ᠰᠤᠷᠭᠠᠭᠤᠯᠢ ᠨᠢ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠢᠳᠠᠪᠤᠷᠢᠵᠢᠭᠤᠯᠬᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠲᠤ ᠴᠢᠩᠭ᠎ᠠ ᠪᠠᠲᠤᠳᠬᠠᠵᠤ᠂ ᠦᠨᠳᠦᠰᠦᠲᠡᠨ ᠤ ᠰᠣᠶᠣᠯ ᠤᠨ ᠤᠯᠠᠮᠵᠢᠯᠠᠯ ᠬᠢᠭᠡᠳ ᠬᠥᠭᠵᠢᠯᠲᠡ ᠶᠢ ᠰᠠᠶᠢᠲᠤᠷ ᠬᠢᠵᠦ᠂ ᠮᠠᠨ ᠤ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠬᠤ ᠳᠤ ᠨᠠᠩ ᠣᠯᠠᠨ ᠬᠤᠪᠢ ᠨᠡᠮᠡᠷᠢ  ᠦᠵᠡᠭᠦᠯᠬᠦ ᠬᠡᠷᠡᠭᠲᠡᠢ ᠭᠡᠪᠡ᠃    ᠢᠦᠶ ᠾᠦᠢ ᠲᠤᠤ ᠴᠢᠬᠤᠯᠠᠴᠢᠯᠠᠭᠰᠠᠨ ᠨᠢ᠂ ᠬᠢᠵᠢᠭ ᠤᠨ ᠪᠠᠢᠳᠠᠯ ᠤᠨ ᠬᠤᠭᠤᠴᠠᠭᠠᠨ ᠳᠤ᠂ ᠰᠤᠷᠭᠠᠭᠤᠯᠢ ᠨᠤᠭᠤᠳ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠭᠤᠭᠴᠤᠭ᠎ᠠ  ᠶᠢ ᠰᠠᠶᠢᠲᠤᠷ ᠠᠳᠬᠤᠵᠤ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠭᠦᠨᠵᠡᠭᠡᠶ ᠤᠶᠢᠯᠠᠭᠠᠭᠰᠠᠨ ᠤ ᠳᠠᠷᠠᠭ᠎ᠠ᠂ ᠢᠦᠶ  ᠾᠦᠢ ᠲᠤᠤ ᠰᠤᠷᠭᠠᠭᠤᠯᠢ ᠶᠢᠨ ᠣᠳᠣᠬᠢ ᠪᠠᠶᠢᠳᠠᠯ ᠳᠠᠭᠠᠨ ᠰᠠᠭᠤᠷᠢᠯᠠᠨ᠂ ᠨᠢᠭᠡᠳᠦᠯᠲᠡᠶ ᠲᠥᠯᠥᠪᠵᠢᠭᠦᠯᠵᠦ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠤᠭᠴᠢ ᠶᠢᠨ ᠢᠷᠡᠯᠲᠡ ᠶᠢᠨ ᠪᠦᠲᠦᠴᠡ ᠳᠤ ᠭᠦᠨᠵᠡᠭᠡᠶ ᠵᠠᠳᠠᠯᠤᠯᠲᠠ ᠬᠢᠵᠦ᠂ ᠬᠤᠲᠠ ᠶᠢᠨ ᠰᠢᠭᠤᠳ ᠬᠠᠷᠢᠶ᠎ᠠ ᠵᠢᠴᠢ ᠠᠬ᠎ᠠ ᠳᠡᠭᠦᠤ ᠰᠢᠶᠠᠨ ᠬᠤᠲᠠ ᠶᠢᠨ ᠦᠨᠳᠦᠰᠦᠲᠡᠨ ᠤ ᠰᠤᠷᠭᠠᠭᠤᠯᠢ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠬᠠᠳᠬᠠᠵᠤ᠂ ᠡᠯ᠎ᠡ ᠰᠤᠷᠤᠯᠭ᠎ᠠ ᠶᠢᠨ ᠬᠡᠰᠡᠭ ᠤᠨ ᠰᠤᠷᠤᠭᠴᠢ ᠡᠯᠰᠡᠬᠦ ᠲᠥᠯᠥᠪᠯᠡᠭᠡ ᠵᠢᠴᠢ ᠰᠤᠷᠭᠠᠭᠤᠯᠢ ᠶᠢᠨ ᠠᠯᠤᠰ ᠬᠡᠳᠦ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠮᠠᠨ ᠤ ᠲᠤᠭᠤᠷᠢᠭ ᠤᠨ ᠮᠣᠩᠭᠤᠯ ᠦᠨᠳᠦᠰᠦᠲᠡᠨ ᠤ ᠰᠤᠷᠤᠭᠴᠢᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠭᠦᠢᠴᠡᠳ ᠪᠠᠲᠤᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠨᠳᠦᠰᠦᠲᠡᠨ ᠤ ᠣᠨᠴᠠᠯᠢᠭᠲᠤ ᠰᠤᠷᠭᠠᠭᠤᠯᠢ ᠶᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠶ ᠭᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号