ᠬᠤᠷᠴᠢᠨ ᠲᠣᠭᠤᠷᠢᠭ ︽ᠳᠠᠬᠢᠨ ᠰᠡᠷᠭᠦᠭᠡᠬᠦ︾ ᠪᠠᠷ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠪᠠ ᠰᠤᠷᠭᠠᠨ ᠬᠥᠮᠦᠵᠢᠭᠦᠯᠵᠦ ᠵᠠᠰᠠᠨ ᠵᠠᠯᠠᠷᠠᠭᠤᠯᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠪᠠ
ᠨᠡᠶᠢᠲᠡᠯᠡᠭᠰᠡᠨ ᠴᠠᠭ᠄
2020-07-27
ᠬᠤᠷᠴᠢᠨ ᠲᠣᠭᠤᠷᠢᠭ ᠨᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠬᠥᠲᠥᠯᠦᠮᠵᠢ ᠪᠤᠯᠭᠠᠨ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠰᠤᠷᠭᠠᠨ ᠬᠥᠮᠦᠵᠢᠭᠦᠯᠵᠦ   ᠵᠠᠯᠠᠷᠠᠭᠤᠯᠤᠨ ᠵᠠᠰᠠᠬᠤ ᠲᠤᠷᠰᠢᠯᠲᠠ ᠶᠢᠨ ᠴᠢᠭ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠤᠷᠢᠭᠯᠠᠬᠤ ᠪᠠ ᠪᠠᠭᠠᠰᠬᠠᠬᠤ ᠶᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ  ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠭᠠᠵᠠᠶ᠃ ︽ᠰᠤᠷᠭᠠᠨ ᠬᠥᠮᠦᠵᠢᠭᠦᠯᠬᠦ᠂ ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ︾ ᠠᠵᠢᠯ ᠤᠨ ᠴᠢᠭᠯᠡᠯᠲᠡ ᠶᠢᠨ ᠲᠤᠭᠤᠷᠢᠨ ᠳᠤ᠂ ︽ᠴᠢᠬᠢ ᠱᠤᠭᠤᠬᠤ᠂ ᠴᠢᠬᠢ ᠬᠠᠮᠠᠭᠠᠯᠠᠬᠤ᠂ ᠴᠢᠬᠢ ᠰᠡᠷᠭᠦᠭᠡᠬᠦ︾ ᠪᠦᠳᠦᠭᠦᠪᠴᠢ ᠲᠣᠭᠲᠠᠯᠴᠠᠭ᠎ᠠ ᠶᠢ ᠪᠠᠶᠢᠭᠤᠯᠵᠤ᠂ ︽ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂  ᠬᠠᠤᠯᠢ  ᠪᠠᠷ ᠵᠠᠰᠠᠬᠤ ᠶᠢ ᠪᠠᠲᠤᠯᠠᠬᠤ︾ ᠤᠷᠢᠳᠴᠢᠯᠠᠨ ᠰᠡᠷᠭᠡᠶᠢᠯᠡᠵᠦ ᠵᠠᠰᠠᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠰᠢᠰᠲ᠋ᠧᠮᠵᠢᠭᠦᠯᠬᠦ᠂ ᠨᠡᠶᠢᠭᠡᠮᠴᠢᠯᠡᠬᠦ᠂  ᠨᠠᠷᠢᠯᠢᠭᠵᠢᠭᠤᠯᠬᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠣᠳᠣ ᠪᠣᠯᠲᠠᠯ᠎ᠠ᠂ ᠪᠥᠬᠦ ᠲᠤᠭᠤᠷᠢᠭ ᠲᠤ ᠨᠡᠶᠢᠲᠡ 34 ᠮᠠᠭᠤ ᠦᠢᠯᠨ ᠠᠵᠢᠯᠯᠠᠭ᠎ᠠ᠂ ᠬᠦᠨᠳᠦ ᠨᠣᠴᠢᠲᠠᠶ ᠮᠠᠭᠤ  ᠦᠢᠯᠨ ᠠᠵᠢᠯᠯᠠᠭ᠎ᠠ ᠬᠢᠭᠰᠡᠨ 3 ᠬᠥᠮᠦᠨ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠪᠠᠨ ᠳᠣᠷᠭᠤᠨ ᠵᠣᠭᠰᠣᠭᠰᠠᠨ 95 ᠰᠣᠷᠣᠭᠴᠢ᠂ ᠡᠷᠡᠭᠦᠤ ᠰᠢᠳᠬᠡᠯ ᠭᠦᠢᠴᠡᠳᠭᠡᠵᠦ ᠪᠠᠶᠢᠭ᠎ᠠ ᠬᠥᠮᠦᠰ ᠤᠨ ᠨᠠᠰᠤᠨ ᠳᠤ ᠥᠯᠥ ᠬᠦᠷᠦᠭᠰᠡᠨ 244 ᠬᠡᠤᠬᠡᠳ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 114 ᠨᠠᠰᠤᠨ ᠳᠤ ᠥᠯᠥ ᠬᠦᠷᠦᠭᠰᠡᠳ᠂ 1587 ᠬᠡᠤᠬᠡᠳ ᠢ ᠵᠢᠭᠰᠠᠭᠠᠨ ᠪᠠᠶᠢᠴᠠᠭᠠᠵᠤ᠂ ᠨᠡᠶᠢᠲᠡ 2077 ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠪᠡ᠃ ᠨᠠᠰᠤᠨ ᠳᠤ ᠥᠯᠥ ᠭᠦᠷᠦᠭᠰᠡᠳ ᠤᠨ ᠳᠠᠭᠢᠵᠤ ᠶᠠᠯ᠎ᠠ ᠬᠢᠬᠦ ᠨᠣᠷᠮ᠎ᠠ᠂ ᠮᠠᠭᠤ ᠦᠢᠯᠨ ᠠᠵᠢᠯᠯᠠᠭ᠎ᠠ ᠳᠠᠬᠢᠨ ᠳᠠᠪᠲᠠᠨ ᠭᠠᠷᠤᠭᠰᠠᠨ ᠨᠣᠷᠮ᠎ᠠ᠂ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠤᠭᠴᠢᠳ ᠤᠨ ᠬᠠᠤᠯᠢ ᠠᠴᠠ ᠵᠥᠷᠢᠴᠡᠭᠰᠡᠨ  ᠶᠠᠯ᠎ᠠ ᠬᠢᠬᠦ ᠨᠣᠷᠮ᠎ᠠ ᠶᠢ ︽ᠭᠤᠷᠪᠠᠨ ᠲᠡᠭ︾ ᠪᠣᠯᠭᠠᠪᠠ᠃    
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号