ᠤᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠦᠨᠳᠦᠰᠦᠨ ᠵᠦᠢᠯ ᠢ ᠪᠠᠲᠤᠯᠠᠵᠤ᠂ ᠦᠨᠳᠦᠰᠦᠨ ᠱᠠᠲᠤ ᠶᠢ | ᠴᠢᠩᠬᠠᠳᠬᠠᠵᠤ᠂ ᠲᠣᠭᠲᠠᠴᠠ ᠶᠢ ᠪᠠᠶᠢᠭᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠠᠶ᠃ ᠦᠨᠳᠦᠰᠦᠨ ᠡᠮ ᠡᠮᠨᠡᠯᠭᠡ ᠶᠢᠨ | ᠦᠢᠯᠡᠴᠢᠯᠡᠭᠡ᠂ ᠦᠨᠳᠦᠰᠦᠨ ᠡᠮ ᠤᠨ ᠬᠠᠩᠭᠠᠯᠭ᠎ᠠ ᠪᠣᠯᠤᠨ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠲᠣᠭᠤᠷᠢᠭ ᠤᠨ ᠲᠡᠰ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ᠂ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠢᠭᠲᠠ | ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢ ᠪᠦᠲᠦᠭᠡᠨ ᠪᠠᠶᠢᠭᠤᠯᠬᠤ᠂ ᠦᠨᠳᠦᠰᠦᠨ ᠡᠮ ᠤᠨ | ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠪᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠴᠢᠩᠭᠠᠷᠠᠪᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢ ᠢᠳᠡᠪᠬᠢᠲᠡᠶ | ᠦᠷᠨᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷ ᠢ | ᠲᠠᠰᠤᠷᠠᠯᠳᠠ ᠦᠭᠡᠢ ᠴᠢᠩᠭᠠᠳᠬᠠᠪᠠ᠃ 2016 ᠣᠨ ᠤ 7 ᠰᠠᠷ᠎ᠠ ᠳᠤ᠂ ᠬᠤᠷᠴᠢᠨ ᠲᠣᠭᠤᠷᠢᠭ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠪᠡ᠃ | ᠡᠮ ᠢᠶᠠᠷ ᠡᠮᠨᠡᠯᠭᠡ ᠶᠢᠨ ᠬᠤᠷᠢᠶ᠎ᠠ ᠶᠢ ᠲᠡᠵᠢᠭᠡᠬᠦ ᠶᠢ ᠡᠪᠳᠡᠵᠦ᠂ ᠦᠢᠯᠡᠴᠢᠯᠡᠭᠡᠨ ᠤ ᠦᠨ᠎ᠡ ᠬᠠᠩᠰᠢ ᠶᠢ ᠲᠤᠬᠢᠷᠠᠭᠤᠯᠤᠨ | ᠂ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠡᠮᠴᠢᠯᠡᠭᠡᠨ ᠤ ᠦᠢᠯᠡᠴᠢᠯᠡᠭᠡᠨ ᠤ ᠣᠷᠣᠯᠭ᠎ᠠ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠳᠠᠬᠢ ᠡᠵᠡᠯᠡᠬᠦ ᠬᠤᠪᠢ ᠶᠢᠨ | ᠵᠢᠩ ᠢ 3.17 ᠵᠠᠭᠤᠨ ᠤ ᠨᠢᠭᠡᠴᠢ ᠳᠡᠭᠡᠭᠰᠢᠯᠡᠭᠦᠯᠪᠡ᠃ ᠲᠥᠰᠦᠪ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ | ᠂ ᠭᠦᠢᠴᠡᠳᠬᠡᠬᠦ᠂ ᠬᠢᠨᠠᠨ ᠡᠵᠡᠮᠳᠡᠬᠦ᠂ ᠲᠣᠬᠢᠷᠠᠭᠤᠯᠤᠯᠲᠠ ᠬᠢᠬᠦ᠂ ᠲᠥᠰᠦᠪ ᠤᠨ ᠭᠦᠢᠴᠡᠳᠬᠡᠬᠦ᠂ ᠵᠠᠳᠠᠯᠬᠤ ᠪᠠ ᠬᠢᠨᠠᠨ | ᠰᠢᠯᠭᠠᠬᠤ ᠵᠡᠷᠭᠡ ᠳᠦᠷᠢᠮ ᠢ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠯᠠᠭᠠᠨ | ᠪᠠ ᠬᠢᠨᠠᠯᠲᠠ ᠬᠠᠮᠢᠶᠠᠷᠤᠯᠲᠠ ᠶᠢᠨ ᠲᠤᠭᠲᠠᠴᠠ ᠵᠡᠷᠭᠡ ᠡᠯ᠎ᠡ ᠵᠦᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ | ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠪᠠ ᠵᠠᠰᠠᠭ ᠪᠠ ᠠᠵᠢᠯ ᠦᠢᠯᠡᠰ ᠢ ᠰᠠᠯᠭᠠᠬᠤ ᠶᠢ ᠲᠦᠯᠬᠢᠨ ᠠᠬᠢᠭᠤᠯᠤᠨ᠎ᠠ | ᠃ ᠠᠯᠪᠠᠨ ᠠᠴᠠ ᠪᠠᠶᠢᠭᠤᠯᠤᠭᠰᠠᠨ ᠲᠦᠷᠪᠡᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠷᠭ᠎ᠠ ᠵᠠᠮ ᠤᠨ | ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ | ᠬᠠᠮᠢᠶᠠᠷᠤᠯᠲᠠ ᠲᠠᠰᠤᠷᠠᠯᠲᠠ ᠦᠭᠡᠢ ᠴᠢᠩᠭᠠᠷᠠᠵᠤ᠂ ︽ᠬᠤᠷᠴᠢᠨ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ | ᠢ ᠲᠣᠭᠲᠠᠭᠠᠵᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠳᠦᠷᠢᠮ ᠢ ᠲᠡᠭᠦᠯᠳᠡᠷᠵᠢᠭᠦᠯᠵᠦ᠂ ᠥᠷᠭᠡᠨ ᠤᠯᠠᠨ ᠡᠮᠨᠡᠯᠭᠡ ᠶᠢᠨ ᠠᠵᠢᠯᠲᠠᠳ ᠤᠨ ᠢᠳᠡᠪᠬᠢᠵᠢᠯ ᠢ | ᠳᠡᠭᠡᠭᠰᠢᠯᠡᠭᠦᠯᠵᠦ᠂ ᠡᠮᠨᠡᠯᠭᠡ ᠶᠢᠨ ᠠᠵᠢᠯ ᠲᠦᠷᠦᠯ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ | ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ | ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ 2015 ᠣᠨ ᠤ 11 ᠰᠠᠷ᠎ᠠ ᠳᠤ ᠬᠤᠷᠴᠢᠨ ᠲᠣᠭᠤᠷᠢᠭ | ᠱᠠᠲᠤ ᠬᠤᠪᠢᠶᠠᠨ ᠣᠨᠣᠰᠢᠯᠠᠨ ᠡᠮᠨᠡᠬᠦ ᠶᠢᠨ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠬᠤᠤᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ ᠪᠠᠷᠢᠮᠵᠢᠶ᠎ᠠ ᠵᠢᠴᠢ ᠴᠤᠪᠤᠷᠠᠯ ᠢ ᠲᠤᠳᠤᠷᠬᠠᠶᠢᠯᠠᠪᠠ᠃ 2017 ᠣᠨ ᠤ 3 ᠰᠠᠷ᠎ᠠ ᠳᠤ ︽ | ᠬᠤᠷᠴᠢᠨ ᠲᠣᠭᠤᠷᠢᠭ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠣᠭᠤᠷᠢᠭ ᠤᠨ ᠱᠠᠲᠤᠨ ᠤ ᠡᠮᠨᠡᠯᠭᠡ ᠶᠢᠨ | ᠬᠤᠷᠢᠶ᠎ᠠ ᠶᠢᠨ ᠠᠵᠢᠯ ᠲᠥᠷᠥᠯ ᠢᠶᠠᠷ ᠢᠶᠠᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠪᠰᠤᠷᠤᠨ ᠲᠡᠳᠬᠦᠬᠦ | ᠬᠠᠮᠢᠶᠠᠷᠤᠯᠲᠠ ᠶᠢᠨ ᠠᠷᠭ᠎ᠠ︾ ᠶᠢ ᠪᠠᠭᠤᠯᠭᠠᠵᠤ᠂ ᠲᠣᠭᠤᠷᠢᠭ ᠤᠨ ᠲᠠᠰ ᠤᠨ ᠭᠤᠷᠪᠠᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠬᠢᠭᠡᠳ 19 ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ | ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠷᠢᠴᠠᠭ᠎ᠠ ᠶᠢ ᠪᠠᠶᠢᠭᠤᠯᠪᠠ᠃ 2019 ᠣᠨ ᠳᠤ ᠬᠤᠷᠴᠢᠨ | ᠲᠣᠭᠤᠷᠢᠭ ᠤᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠤᠯᠤᠰ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ᠂ ᠬᠤᠷᠴᠢᠨ ᠲᠣᠭᠤᠷᠢᠭ ᠤᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢ ᠯᠢᠦ ᠹᠠᠩ ᠤᠨ | ᠡᠮᠨᠡᠯᠭᠡ ᠶᠢᠨ ᠬᠤᠷᠢᠶ᠎ᠠ ᠶᠢᠨ ᠬᠤᠶᠠᠷ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ | ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯᠯᠠᠭᠤᠯᠤᠭᠰᠠᠨ ᠠᠴᠠ ᠨᠠᠰᠢ ᠰᠢᠶᠠᠨ ᠤ ᠬᠡᠪᠴᠢᠶᠡᠨ ᠤ | ᠡᠮᠨᠡᠭᠦᠯᠬᠦ ᠨᠣᠷᠮ᠎ᠠ ᠪᠣᠯᠤᠨ ᠦᠨᠳᠦᠰᠦᠨ ᠱᠠᠲᠤᠨ ᠤ ᠠᠩᠬ᠎ᠠ ᠣᠨᠣᠰᠢᠯᠠᠨ ᠡᠮᠨᠡᠬᠦ ᠨᠣᠷᠮ᠎ᠠ ᠲᠠᠰᠤᠷᠠᠯᠲᠠ ᠤᠢᠭᠡᠢ | ᠳᠡᠭᠡᠭᠰᠢᠯᠡᠪᠡ᠃ ᠲᠤᠰᠬᠠᠶ ᠮᠡᠷᠭᠡᠵᠢᠯ ᠤᠨ ᠬᠤᠯᠪᠣᠭᠠᠨ ᠤ ᠪᠠᠶᠢᠭᠤᠯᠤᠯᠲᠠ ᠶᠢ ᠵᠡᠷᠭᠡᠪᠡᠷ ᠲᠦᠯᠬᠢᠨ ᠠᠬᠢᠭᠤᠯᠵᠤ᠂ | ᠭᠠᠵᠢᠮᠠᠯ ᠤᠷᠪᠠᠯ᠂ ᠠᠮᠢᠰᠬᠤᠯ ᠤᠨ ᠲᠤᠰᠬᠠᠢ ᠰᠠᠯᠠᠭ᠎ᠠ᠂ ᠦᠷᠡᠵᠢᠯ ᠤᠨ ᠠᠨᠠᠭᠠᠬᠤ ᠤᠬᠠᠭᠠᠨ᠂ ᠬᠢᠲᠠᠳ | ᠡᠮᠨᠡᠯᠭᠡ ᠶᠢᠨ ᠬᠤᠰᠬᠢᠨᠠᠭ ᠭᠡᠳᠡᠰᠦ ᠵᠡᠷᠭᠡ 10 ᠭᠠᠷᠤᠢ ᠣᠷᠣᠨ ᠪᠦᠰᠡ ᠠᠯᠤᠰᠯᠠᠭᠰᠠᠨ ᠲᠤᠰᠬᠠᠢ ᠮᠡᠷᠭᠡᠵᠢᠯ ᠤᠨ | ᠬᠤᠯᠪᠣᠭ᠎ᠠ ᠶᠢ ᠵᠤᠬᠢᠶᠠᠨ ᠪᠠᠶᠢᠭᠤᠯᠵᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ | ᠬᠥᠭᠵᠢᠯᠲᠡ᠂ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠵᠡᠷᠭᠡ ᠶᠢ ᠦᠷᠭᠦᠯᠵᠢᠯᠡᠨ ᠥᠷᠨᠢᠭᠦᠯᠪᠡ᠃ ᠬᠡᠰᠡᠭ | ᠲᠤᠰᠬᠠᠶ ᠮᠡᠷᠭᠡᠵᠢᠯ ᠤᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ | ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠮ ᠤᠨ ᠵᠦᠢᠯ ᠢ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠪᠡ᠃ | ︽ᠬᠤᠶᠠᠷ ᠪᠠᠷᠢᠮᠲᠠ ᠶᠢᠨ ᠳᠦᠷᠢᠮ︾ ᠢ 2017 ᠤᠨ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ | ᠬᠡᠷᠡᠭᠵᠢᠭᠦᠯᠵᠦ᠂ ᠡᠮ ᠤᠨ ᠵᠦᠢᠯ ᠤᠨ ᠡᠮ ᠤᠨ ᠦᠢᠯᠡᠳᠪᠦᠷᠢ ᠠᠴᠠ ᠡᠮᠨᠡᠯᠭᠡ ᠶᠢᠨ ᠬᠤᠷᠢᠶ᠎ᠠ ᠬᠦᠷᠲᠡᠯᠡᠬᠢ | ᠬᠦᠢᠯᠭᠡᠭᠡᠨ ᠤ ᠭᠤᠭᠴᠤᠭ᠎ᠠ ᠶᠢ ᠪᠦᠲᠦᠮᠵᠢᠲᠡᠶ ᠪᠠᠭᠠᠰᠬᠠᠵᠤ᠂ ᠡᠮ ᠬᠡᠷᠡᠭᠯᠡᠬᠦ ᠶᠢᠨ ᠠᠶᠤᠯ ᠦᠭᠡᠢ ᠶᠢ ᠪᠠᠳᠤᠯᠠᠪᠠ᠃ | ᠦᠨᠳᠦᠰᠦᠨ ᠡᠮ ᠤᠨ ᠵᠦᠢᠯ ᠤᠨ ᠳᠦᠷᠢᠮ ᠤᠨ ᠬᠠᠮᠤᠷᠬᠤ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠵᠦ᠂ | ᠰᠦᠯᠵᠢᠶᠡᠨ ᠳᠡᠭᠡᠷ᠎ᠡ ᠬᠤᠳᠠᠯᠳᠤᠨ ᠠᠪᠬᠤ ᠳᠤ ᠲᠣᠬᠢᠷᠠᠬᠤ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ | ᠰᠦᠯᠵᠢᠶᠡᠨ ᠳᠤ ᠬᠤᠳᠠᠯᠳᠤᠨ ᠠᠪᠬᠤ ᠬᠠᠮᠢᠶᠠᠷᠤᠯᠲᠠ ᠶᠢᠨ ᠡᠩᠨᠡᠭᠡ ᠳᠤ ᠣᠷᠣᠭᠤᠯᠵᠤ᠂ ᠳᠤᠲᠠᠭᠳᠠᠵᠤ ᠪᠠᠶᠢᠭ᠎ᠠ | ᠡᠮ ᠤᠨ ᠵᠦᠢᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ | ᠬᠠᠷᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠬᠦ | ᠤᠬᠠᠭᠤᠯᠭ᠎ᠠ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠴᠢᠩᠭᠠᠳᠬᠠᠪᠠ᠃ ᠬᠡᠳᠦᠨ ᠵᠢᠯ ᠤᠨ ᠲᠤᠷᠰᠢ ᠡᠯ᠎ᠡ | ᠡᠮᠴᠢᠯᠡᠭᠡᠨ ᠤ ᠪᠠᠶᠢᠭᠤᠯᠤᠮᠵᠢ ᠴᠥᠮ ᠤᠯᠤᠰ ᠤᠨ ᠦᠨᠳᠦᠰᠦᠨ ᠡᠮ ᠤᠨ ᠳᠦᠷᠢᠮ ᠤᠨ ᠲᠣᠭᠲᠠᠭᠠᠯ ᠶᠣᠰᠣᠭᠠᠷ᠂ | ᠦᠨᠳᠦᠰᠦᠨ ᠡᠮ ᠢ ᠡᠮᠨᠡᠯᠭᠡ ᠶᠢᠨ ᠬᠤᠷᠢᠶᠠᠨ ᠤ ᠲᠡᠷᠢᠭᠦᠨ ᠤ ᠰᠣᠩᠭᠤᠭᠰᠠᠨ ᠡᠮᠨᠡᠨ ᠵᠠᠰᠠᠬᠤ ᠡᠮ ᠪᠣᠯᠭᠠᠵᠤ᠂ ᠡᠯ᠎ᠡ | ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠡᠮ ᠤᠨ ᠡᠵᠡᠯᠡᠬᠦ ᠬᠠᠷᠢᠴᠠᠯ ᠢ ᠴᠥᠮ ᠥᠪᠡᠷ ᠲᠡᠭᠡᠨ | ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠦᠨ᠎ᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠭᠦᠷᠢᠰᠢᠯ ᠢ ᠬᠦᠴᠦᠲᠡᠶ ᠠᠬᠢᠭᠤᠯᠵᠤ᠂ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠬᠦ ᠲᠠᠢ ᠤᠶᠠᠯᠳᠤᠭᠤᠯᠤᠨ᠂ | ᠦᠢᠯᠡᠴᠢᠯᠡᠭᠡᠨ ᠤ ᠠᠭᠤᠯᠭ᠎ᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠬᠥᠮᠦᠨ ᠳᠤᠮᠳᠠᠴᠢ ᠶᠢᠨ ᠦᠨᠳᠦᠰᠦᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠨᠦᠬᠦᠪᠦᠷᠢ ᠶᠢᠨ ᠪᠠᠷᠢᠮᠵᠢᠶ᠎ᠠ ᠶᠢ | 2015 ᠣᠨ ᠳᠤ 40 ᠲᠥᠭᠦᠷᠢᠭ ᠪᠠᠶᠢᠭᠰᠠᠨ ᠠᠴᠠ 2020 ᠣᠨ ᠳᠤ 65 ᠲᠥᠭᠦᠷᠢᠭ ᠪᠣᠯᠭᠠᠨ ᠨᠡᠮᠡᠭᠳᠡᠭᠦᠯᠦᠨ᠎ᠡ | ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠨᠡᠶᠢᠲᠡ 71.9 ᠲᠦᠮᠡᠨ | ᠬᠦᠮᠦᠨ ᠤ ᠳᠠᠩᠰᠠ ᠡᠪᠬᠡᠮᠡᠯ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 89.3% ᠳᠤ ᠬᠦᠷᠴᠡᠶ᠃ | ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠬᠦᠨᠳᠦ ᠨᠣᠴᠢᠲᠠᠶ ᠣᠶᠤᠨ ᠮᠡᠳᠡᠷᠡᠯ ᠤᠨ | ᠰᠠᠭᠠᠳ ᠲᠠᠢ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ ᠨᠣᠷᠮ᠎ᠠ ᠢ ᠴᠥᠮ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠳᠤ ᠬᠦᠷᠦᠭᠦᠯᠦᠨ᠎ᠡ᠃ ᠨᠡᠶᠢᠲᠡ 9 ᠲᠦᠮᠡᠨ ᠨᠠᠰᠤᠲᠠᠨ᠂ 4 ᠲᠦᠮᠡ 0 — 36 ᠰᠠᠷ᠎ᠠ | ᠬᠡᠤᠬᠡᠳ ᠤᠨ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠡᠶᠡᠯᠡᠭᠦᠯᠪᠡ | ᠃ ᠥᠪᠡᠷᠲᠡᠭᠡᠨ ᠵᠠᠰᠠᠬᠤ ᠣᠷᠣᠨ ᠤ ᠤᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠤᠭᠠᠳ ᠠᠮᠵᠢᠯᠲᠠ ᠣᠯᠪᠠ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠬᠡᠪ ᠪᠣᠯᠪᠠᠰᠤᠷᠠᠯ 2016 ᠣᠨ ᠳᠤ 10.28% ᠪᠠᠶᠢᠭᠰᠠᠨ ᠠᠴᠠ 2019 ᠣ ᠨ᠊ ᠳᠤ 19.3% ᠪᠣᠯᠵᠤ᠂ | 2020 ᠣᠨ ᠤ ᠵᠢᠯ ᠤᠨ ᠡᠴᠦᠰ ᠲᠤ 20% ᠶᠢᠨ ᠬᠠᠷᠠᠯᠲᠠ ᠳᠤ ᠬᠥᠷᠬᠦ ᠪᠣᠯᠤᠨ᠎ᠠ᠃ |