ᠤᠶᠢᠷ᠎ᠠ ᠶᠢᠨ ᠵᠢᠯ ᠤᠨ ᠲᠤᠷᠰᠢ᠂ ᠬᠤᠷᠴᠢᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ | ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠯᠴᠠᠬᠤ ᠪᠠᠶᠢᠭᠤᠯᠤᠯ ᠤᠨ ᠲᠠᠯ᠎ᠠ ᠪᠠᠷ ᠰᠢᠨ᠎ᠡ ᠶᠢ | ᠡᠭᠦᠳᠴᠦ᠂ ᠲᠥᠯᠥᠭᠡᠯᠡᠭᠴᠢᠳ ᠪᠣᠯᠤᠨ ᠭᠡᠰᠢᠭᠦᠳ ᠤᠨ ᠬᠠᠷᠢᠯᠴᠠᠬᠤ ᠠᠵᠢᠯ ᠢ ᠥᠨᠳᠥᠷ ᠪᠠᠶᠢᠷᠢ ᠲᠠᠢ | ᠪᠠᠶᠢᠷᠢᠯᠠᠭᠤᠯᠵᠤ᠂ ᠰᠤᠷᠪᠤᠯᠵᠢᠯᠠᠨ ᠠᠰᠠᠭᠤᠬᠤ᠂ ᠡᠳᠦᠷ ᠲᠤᠲᠤᠮ ᠤᠨ ᠬᠠᠷᠢᠯᠴᠠᠭ᠎ᠠ᠂ ᠰᠠᠨᠠᠭᠤᠯᠭ᠎ᠠ ᠳᠤ | ᠬᠠᠷᠢᠭᠤᠯᠲᠠ ᠥᠭᠬᠦ ᠵᠡᠷᠭᠡ ᠲᠠᠯ᠎ᠠ ᠪᠠᠷ ᠨᠠᠶᠢᠳᠠᠪᠤᠷᠢᠵᠢᠭᠤᠯᠤᠯᠲᠠ ᠪᠠᠨ ᠭᠦᠨᠵᠡᠭᠡᠶᠢᠷᠡᠭᠦᠯᠵᠡᠶ᠃ ᠰᠢᠨ᠎ᠡ ᠪᠠᠶᠢᠳᠠᠯ ᠤᠨ | ᠳᠣᠤᠷᠠᠬᠢ ᠪᠠᠶᠢᠴᠠᠭᠠᠬᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ | ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠪᠡ ᠃ ᠰᠤᠷᠪᠤᠯᠵᠢᠯᠠᠨ ᠠᠰᠠᠭᠤᠵᠤ ᠯᠠᠪᠯᠠᠬᠤ ᠶᠢ ᠨᠠᠷᠢᠯᠢᠬᠵᠢᠭᠤᠯᠵᠤ᠂ | ᠨᠢᠭᠤᠷᠲᠠᠨ ᠬᠠᠨᠳᠤᠯᠭ᠎ᠠ ᠲᠠᠢ ᠬᠠᠷᠢᠯᠴᠠᠬᠤ ᠶᠢ ᠴᠢᠬᠤᠯᠠᠴᠢᠯᠠᠪᠠ᠃ ᠨᠢᠭᠡ ᠳᠤ ᠬᠠᠷᠢᠯᠴᠠᠬᠤ ᠠᠵᠢᠯ ᠢ ᠨᠠᠮ ᠤᠨ | ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠢᠯᠴᠠᠬᠤ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠪᠠ᠃ ᠬᠤᠶᠠᠷ ᠲᠤ ᠡᠩ ᠤᠨ ᠦᠶ᠎ᠡ ᠳᠤ | ᠬᠢᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ ᠦᠷᠨᠢᠭᠦᠯᠪᠡ᠃ | ᠡᠳᠦᠷ ᠲᠤᠲᠤᠮ ᠤᠨ ᠬᠠᠷᠢᠯᠴᠠᠭᠠᠨ ᠤ ᠰᠢᠨ᠎ᠡ ᠶᠢ ᠡᠭᠦᠳᠴᠦ᠂ ᠣᠯᠠᠨ ᠠᠷᠭ᠎ᠠ ᠵᠠᠮ ᠢᠶᠠᠷ ᠨᠡᠪᠲᠡᠷᠡᠯᠴᠡᠬᠦ | ᠲᠠᠪᠴᠠᠩ ᠢ ᠪᠠᠶᠢᠭᠤᠯᠪᠠ᠃ ᠨᠢᠭᠡ ᠳᠤ᠂ ᠬᠠᠷᠢᠯᠴᠠᠬᠤ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠨ᠎ᠡ᠃ ︽ | ᠬᠤᠷᠴᠢᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠠᠵᠢᠯ ᠤᠨ | ᠲᠦᠷᠢᠮ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠷᠢᠯᠴᠠᠬᠤ | ᠠᠵᠢᠯ ᠤᠨ ᠲᠥᠰᠦᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠲᠥᠰᠦᠯ︾ ᠵᠡᠷᠭᠡ | ᠲᠦᠷᠢᠮ ᠢ ᠨᠡᠶᠢᠲᠡᠯᠡᠪᠡ᠃ ᠬᠤᠶᠠᠷ ᠲᠤ ᠰᠠᠨᠠᠯ ᠬᠤᠷᠢᠶᠠᠬᠤ ᠠᠷᠭ᠎ᠠ ᠵᠠᠮ ᠢ ᠥᠷᠭᠡᠳᠬᠡᠨ᠎ᠡ᠃ ᠰᠦᠯᠵᠢᠶᠡᠨ ᠳᠡᠭᠡᠷ᠎ᠡ | ᠭᠠᠷ ᠤᠲᠠᠰᠤᠨ ᠤ ᠣᠬᠤᠷ ᠴᠢᠮᠡᠭᠡᠨ ᠤ ᠲᠠᠪᠴᠠᠩ ᠢᠶᠠᠷ ᠳᠠᠮᠵᠢᠭᠤᠯᠤᠨ ᠲᠥᠯᠥᠭᠡᠯᠡᠭᠴᠢᠳ᠂ ᠭᠡᠰᠢᠭᠦᠳ ᠲᠤ | ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠦᠷᠲᠡᠭᠡ ᠨᠡᠭᠡᠭᠡᠬᠦ | ᠲᠤᠬᠠᠶ ᠮᠡᠳᠡᠭᠳᠡᠯ ᠳᠡᠪᠰᠢᠭᠦᠯᠪᠡ᠃ ᠰᠦᠯᠵᠢᠶᠡᠨ ᠳᠣᠣᠷ᠎ᠠ ᠵᠢᠯ ᠪᠦᠷᠢ ᠶᠢᠨ 10 ᠰᠠᠷ᠎ᠠ ᠳᠤ ᠲᠥᠯᠥᠭᠡᠯᠡᠭᠴᠢ | ᠭᠡᠰᠢᠭᠦᠳ ᠢ ᠲᠤᠰ ᠬᠤᠷᠢᠶᠠᠨ ᠳᠤ ᠤᠷᠢᠵᠤ ᠦᠨᠡᠯᠡᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠥᠯᠥᠭᠡᠯᠡᠭᠴᠢ | ᠭᠡᠰᠢᠭᠦᠳ ᠢ ᠢᠳᠡᠪᠬᠢᠲᠡᠶ ᠪᠠᠷ ᠤᠷᠢᠵᠤ ᠬᠡᠷᠡᠭ ᠢ ᠢᠯᠡ ᠪᠠᠷ ᠬᠢᠨᠠᠨ ᠪᠠᠶᠢᠴᠠᠭᠠᠬᠤ᠂ ᠰᠢᠭᠦᠬᠦ ᠲᠢᠩᠬᠢᠮ ᠦᠨᠡᠯᠡᠨ | ᠶᠠᠷᠢᠯᠴᠠᠬᠤ᠂ ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ᠂ ᠶᠠᠷᠢᠯᠴᠠᠨ ᠰᠣᠯᠢᠯᠴᠠᠬᠤ ᠵᠡᠷᠭᠡ ᠠᠵᠢᠯᠯᠠᠭ᠎ᠠ ᠳᠤ | ᠣᠷᠣᠯᠴᠠᠭᠤᠯᠵᠤ᠂ ᠪᠠᠶᠢᠴᠠᠭᠠᠬᠤ ᠠᠵᠢᠯ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ | ᠬᠠᠷᠢᠭᠤᠯᠲᠠ ᠥᠭᠬᠦ ᠰᠠᠨᠠᠭᠤᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠰᠠᠶᠢᠲᠤᠷ | ᠠᠳᠬᠤᠬᠤ ᠶᠢ ᠦᠨᠡᠨ ᠬᠦ ᠪᠠᠲᠤᠯᠠᠪᠠ᠃ ᠨᠢᠭᠡ ᠳᠤ ᠬᠡᠷᠡᠭ ᠰᠢᠢᠳᠪᠦᠷᠢᠯᠡᠬᠦ ᠪᠠ ᠬᠤᠯᠪᠣᠭ᠎ᠠ ᠠᠪᠬᠤ ᠠᠵᠢᠯ ᠤᠨ | ᠤᠶᠠᠯᠳᠤᠯ ᠤᠨ ᠴᠡᠭ ᠲᠠᠢ ᠨᠢᠭᠲᠠ ᠤᠶᠠᠯᠳᠤᠭᠤᠯᠪᠠ᠃ ᠬᠤᠶᠠᠷ ᠲᠤ ᠲᠤᠰᠬᠠᠶ ᠰᠡᠳᠦᠪ ᠪᠣᠯᠤᠨ ᠴᠢᠬᠤᠯᠠ ᠶᠡᠭᠡ | ᠬᠤᠷᠠᠯ ᠤᠨ ᠴᠠᠭ ᠢ ᠠᠳᠬᠤᠬᠤ ᠃ ᠲᠤᠰ ᠬᠤᠷᠢᠶ᠎ᠠ ︽ᠬᠤᠶᠠᠷ ᠬᠤᠷᠠᠯ︾ ᠤᠨ ᠴᠠᠭ ᠮᠥᠴᠡ ᠶᠢᠨ ᠵᠠᠩᠭᠢᠶᠠᠰᠤ ᠶᠢ | ᠴᠢᠩᠭ᠎ᠠ ᠠᠳᠬᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ | ᠰᠠᠨᠠᠯ ᠰᠠᠨᠠᠭᠤᠯᠭ᠎ᠠ ᠶᠢ ᠰᠠᠶᠢᠲᠤᠷ ᠲᠡᠮᠳᠡᠭᠯᠡᠵᠦ᠂ ᠣᠯᠠᠨ ᠤᠳᠠᠭ᠎ᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ | ᠂ ᠬᠠᠮᠢᠶ᠎ᠠ ᠪᠥᠬᠦᠶ ᠰᠠᠯᠠᠭ᠎ᠠ ᠲᠠᠰᠤᠭ ᠢ ᠵᠢᠭᠠᠨ ᠲᠣᠭᠲᠠᠭᠠᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠬᠤᠷᠠᠯ ᠤᠨ ᠳᠠᠷᠠᠭ᠎ᠠ ᠭᠦᠨᠵᠡᠭᠡᠶ ᠰᠤᠷᠪᠤᠯᠵᠢᠯᠠᠨ᠎ᠠ᠃ |