ᠠᠷᠪᠠᠨ ᠬᠤᠶᠠᠳᠤᠭᠠᠷ ᠬᠤᠭᠤᠴᠠᠭᠠᠨ ᠤ  ᠲᠤᠭᠤᠷᠢᠭ  ᠤᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ  ᠪᠠ ᠬᠠᠷᠢᠭᠤ ᠪᠤᠴᠠᠭᠠᠯᠲᠠ ᠦᠭᠬᠦ ᠠᠵᠢᠯ ᠢ  ᠪᠡᠲᠡᠯᠡᠭᠦᠯᠪᠡ
ᠨᠡᠶᠢᠲᠡᠯᠡᠭᠰᠡᠨ ᠴᠠᠭ᠄
2020-07-28
 ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 7 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠡᠯ᠎ᠡ ᠳᠤᠭᠤᠶᠢᠯᠠᠩ ᠴᠠᠭᠳᠠᠨ ᠪᠠᠶᠢᠴᠠᠭᠠᠭᠳᠠᠬᠤ ᠨᠢᠭᠡᠴᠡ ᠳᠤ ᠬᠦᠷᠴᠦ ᠴᠠᠭᠳᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠪᠤᠴᠠᠭᠠᠯᠲᠠ ᠭᠠᠷᠭᠠᠪᠠ᠃ ᠲᠤᠰ ᠡᠭᠡᠯᠵᠢ ᠶᠢᠨ ᠴᠠᠭᠳᠠᠨ ᠪᠠᠶᠢᠴᠠᠭᠠᠭᠴᠢ ᠨᠡᠶᠢᠲᠡ 9 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ 14 ᠨᠠᠮ ᠤᠨ ᠵᠣᠬᠢᠶᠠᠨ ᠪᠠᠶᠢᠭᠤᠯᠤᠯᠲᠠ ᠳᠤ ᠬᠡᠪ ᠤᠨ ᠴᠠᠭᠳᠠᠨ ᠪᠠᠶᠢᠴᠠᠭᠠᠯᠲᠠ ᠥᠷᠨᠢᠭᠦᠯᠵᠡᠶ᠃ ᠨᠢᠭᠡ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠴᠠᠭᠳᠠᠬᠤ ︽ᠡᠷᠭᠢᠨ ᠬᠠᠷᠠᠬᠤ︾ ᠠᠵᠢᠯᠯᠠᠭ᠎ᠠ  ᠦᠷᠨᠢᠭᠦᠯᠵᠦ᠂ ᠡᠭᠦᠨ ᠤ ᠬᠠᠮᠲᠤ ᠠᠩᠬ᠎ᠠ ᠤᠳᠠᠭ᠎ᠠ ᠲᠣᠰᠬᠤᠨ ᠤ ᠱᠠᠲᠤᠨ ᠤ 26 ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠦᠭᠰᠡᠨ ᠪᠥᠭᠡᠳ ᠲᠦᠷᠦ ᠶᠢᠨ ᠪᠤᠳᠤᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠲᠤᠰᠬᠠᠢ ᠴᠠᠭᠳᠠᠨ ᠪᠠᠶᠢᠴᠠᠭᠠᠯᠲᠠ ᠶᠢ ᠥᠷᠨᠢᠭᠦᠯᠪᠡ᠃ ᠨᠡᠶᠢᠲᠡ 343 ᠠᠰᠠᠭᠤᠳᠠᠯ ᠢ ᠢᠯᠡᠷᠡᠭᠦᠯᠵᠦ ᠂ 23 ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ  ᠠᠰᠠᠭᠤᠳᠠᠯ ᠨᠢ  191 ᠪᠠᠶᠢᠵᠤ᠂ 12 ᠠᠰᠠᠭᠤᠳᠠᠯ ᠤᠨ ᠰᠦᠪᠡᠭᠴᠢ ᠪᠠᠭᠤᠯᠭᠠᠪᠠ᠃    ᠬᠤᠷᠠᠯ ᠳᠡᠭᠡᠷ᠎ᠡ᠂  ᠲᠤᠭᠤᠷᠢᠭ ᠤᠨ  ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠣᠯᠤᠨ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠭᠤᠣᠯ ᠬᠠᠷᠢᠭᠤᠴᠠᠯᠭᠠᠲᠠᠨ ᠯᠤᠭ᠎ᠠ ︽ᠴᠠᠭᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠭᠠᠷ ᠤᠨ ᠦᠰᠦᠭ ᠵᠢᠷᠤᠵᠤ ᠬᠤᠷᠢᠶᠠᠨ ᠠᠪᠬᠤ ᠬᠠᠭᠤᠳᠠᠰᠤ︾ ᠲᠣᠭᠲᠠᠬᠤ ᠶᠢᠨ ᠬᠠᠮᠲᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠦ᠋ ᠾᠦᠢ ᠯᠢᠶᠠᠩ ᠨᠥᠬᠦᠷ ᠤᠨ ᠶᠢᠰᠦᠳᠦᠭᠡᠷ ᠡᠭᠡᠯᠵᠢ ᠶᠢᠨ ᠴᠠᠭᠳᠠᠨ  ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰ ᠲᠤᠰ ᠤᠯᠠᠮᠵᠢᠯᠠᠪᠠ᠃ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠤᠤᠯ ᠶᠣᠰᠣᠭᠠᠷ ᠨᠢ ᠴᠠᠭᠳᠠᠨ ᠪᠠᠶᠢᠴᠠᠭᠠᠭᠳᠠᠭᠰᠠᠨ ᠨᠢᠭᠡᠴᠡ ᠰᠠᠯᠠᠭ᠎ᠠ ᠮᠥᠴᠢᠷ ᠲᠤ ᠬᠠᠷᠢᠭᠤ ᠲᠤᠰᠬᠠᠨ᠎ᠠ᠃ ᠪᠠᠰᠠ ᠴᠠᠭᠳᠠᠨ ᠪᠠᠶᠢᠴᠠᠭᠠᠬᠤ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠪᠠᠨ ᠬᠤᠶᠠᠳᠤᠭᠠᠷ ᠬᠤᠭᠤᠴᠠᠭᠠᠨ ᠤ  ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ   ᠶᠢᠨ ᠲᠣᠭᠤᠷᠢᠨ ᠪᠠᠶᠢᠴᠠᠭᠠᠭᠴᠢ ︽ᠭᠤᠷᠪᠠᠨ ᠲᠥᠪᠯᠡᠷᠡᠯ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠨᠢᠭᠡ ᠤᠳᠠᠭᠠᠨ ᠤ ᠪᠥᠬᠦ ᠲᠠᠯ᠎ᠠ ᠶᠢᠨ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠬᠢᠪᠠ᠃ ᠴᠠᠭᠳᠠᠨ ᠪᠠᠶᠢᠴᠠᠭᠠᠭᠳᠠᠵᠤ  ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠤᠰ  ᠨᠢᠭᠡᠴᠢ ᠶᠢᠨ ᠢᠶᠠᠨ ᠠᠵᠢᠯ ᠤᠨ ᠬᠦᠷᠦᠯᠴᠡᠬᠦ ᠦᠭᠡᠢ ᠲᠠᠯ᠎ᠠ ᠳᠤ ᠵᠣᠷᠢᠭᠲᠠᠶ ᠪᠠᠷ ᠬᠠᠨᠳᠤᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠭᠡᠪᠡᠯ᠂ ︽ᠠᠯᠳᠠᠭ᠎ᠠ  ᠪᠠᠨ ᠤᠯᠵᠤ ᠮᠡᠳᠡᠪᠡᠯ ᠰᠠᠶᠢᠨ᠂ ᠠᠯᠳᠠᠭ᠎ᠠ ᠪᠤᠷᠤᠭᠤ ᠪᠠᠨ ᠵᠠᠪᠠᠯ ᠵᠠᠯᠠᠷᠠᠭᠤᠯᠬᠤ︾ ᠤᠯᠤᠰ ᠲᠥᠷᠥ ᠶᠢᠨ ᠬᠡᠬᠦᠳᠡᠭ ᠴᠡᠭᠡᠵᠢ ᠪᠠᠷ ︽ ᠵᠠᠶᠢᠯᠠᠬᠤ ᠦᠭᠡᠢ᠂ ᠳᠠᠯᠳᠠᠯᠠᠬᠤ ᠦᠭᠡᠢ︾ ᠪᠠᠶᠢᠬᠤ ᠵᠥᠪ ᠣᠪᠣᠷ ᠢᠶᠠᠷ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ  ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ᠂ ᠴᠢᠩᠭ᠎ᠠ ᠪᠥᠭᠡᠳ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠦᠨᠡᠨᠬᠦ  ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠨᠢ  ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠨᠡᠮᠡᠭᠳᠡᠭᠦᠯᠵᠦ᠂ ︽ᠳᠥᠷᠪᠡᠨ ᠤᠬᠠᠮᠰᠠᠷ︾ ᠢᠯᠠᠩᠭᠤᠶ᠎ᠠ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶ᠋ᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠦᠨᠳᠦᠷᠴᠡ ᠠᠴᠠ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠪᠠᠶᠢᠭᠤᠯᠤᠯᠭ᠎ᠠ ᠶᠢᠨ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠣᠯᠭᠠᠵᠠᠶ᠃ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ  ᠵᠦᠢᠯ  ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ  ᠲᠠᠯ᠎ᠠ  ᠪᠠᠷ ᠪᠡᠶᠡᠯᠡᠭᠦᠯᠦᠨ᠎ᠡ᠃ ᠬᠤᠷᠠᠯ ᠠᠴᠠ ᠱᠠᠭᠠᠷᠳᠠᠭᠰᠠᠨ ᠨᠢ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠲᠣᠭᠤᠷᠢᠨ  ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ  ᠭᠦᠢᠴᠡᠳᠭᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠭᠤᠳ ᠪᠠᠶᠢᠷᠢᠯᠠᠭᠤᠯᠬᠤ᠂  ᠰᠢᠭᠤᠳ ᠨᠠᠶᠢᠳᠠᠪᠤᠷᠢᠵᠢᠭᠤᠯᠬᠤ᠂ ᠰᠢᠭᠤᠳ ᠵᠣᠬᠢᠴᠠᠭᠤᠯᠬᠤ ᠬᠡᠷᠡᠭᠲᠡᠶ᠃ ᠠᠰᠠᠭᠤᠳᠠᠯ ᠤᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠴᠠᠭᠳᠠᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠢ ᠪᠣᠳᠠᠲᠠᠶ ᠪᠠᠷ ᠨᠠᠷᠢᠯᠢᠭᠵᠢᠭᠤᠯᠬᠤ ᠳᠤ᠂  ᠨᠢᠭᠡᠳ ᠨᠢᠭᠡ ᠪᠠᠷ ᠠᠰᠠᠭᠤᠳᠠᠯ  ᠢ ᠡᠷᠭᠢᠴᠡᠭᠦᠯᠦᠨ ᠪᠣᠳᠣᠵᠤ᠂ ᠰᠢᠯᠲᠠᠭᠠᠨ ᠤ ᠤᠭ ᠦᠨᠳᠦᠰᠦ  ᠶᠢ ᠨᠢ ᠡᠷᠢᠬᠦ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠰᠠᠶᠢᠲᠤᠷ ᠠᠳᠬᠤᠵᠤ ᠪᠣᠳᠠᠲᠠᠶ ᠠᠳᠬᠤᠵᠤ᠂ ᠨᠢᠭᠡ ᠶᠢ ᠴᠡᠭᠴᠡᠯᠡᠨ  ᠰᠠᠶᠢᠵᠢᠷᠠᠭᠤᠯᠪᠠᠯ᠂ ᠨᠢᠭᠡ ᠶᠢ ᠨᠠᠶᠢᠳᠠᠪᠤᠷᠢᠵᠢᠭᠤᠯᠬᠤ᠂ ᠨᠢᠭᠡ ᠶᠢ ᠬᠦᠴᠦᠨ ᠦᠭᠡᠶ ᠪᠤᠯᠭᠠᠬᠤ ᠶᠢ ᠡᠷᠡᠰ ᠪᠡᠶᠡᠯᠡᠭᠦᠯᠵᠦ᠂ ᠡᠯ᠎ᠡ  ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠨᠡᠨ ᠬᠦ  ᠪᠠᠳᠤᠯᠠᠬᠤ ᠬᠡᠷᠡᠭᠲᠡᠶ᠃ ᠬᠤᠷᠠᠯ ᠳᠡᠭᠡᠷ᠎ᠡ᠂ ᠴᠠᠭᠳᠠᠨ ᠪᠠᠶᠢᠴᠠᠭᠠᠭᠳᠠᠵᠤ  ᠪᠠᠶᠢᠭ᠎ᠠ ᠡᠯ᠎ᠡ ᠨᠢᠭᠡᠴᠡ ᠴᠥᠮ ᠬᠠᠷᠢᠭᠤ ᠲᠤᠰᠬᠠᠭᠰᠠᠨ ᠰᠠᠨᠠᠯ ᠢ ᠴᠢᠩ ᠦᠨᠡᠨᠴᠢ ᠪᠠᠷ ᠬᠦᠯᠢᠶᠡᠨ ᠠᠪᠴᠤ᠂ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠬᠠᠭᠤᠳᠠᠰᠤ ᠶᠣᠰᠣᠭᠠᠷ ᠪᠦᠷᠢᠨ ᠬᠤᠷᠢᠶᠠᠨ ᠠᠪᠴᠤ᠂ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠶᠢᠨ ᠬᠠᠮᠲᠤ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ  ᠨᠠᠶᠢᠳᠠᠪᠤᠷᠢᠵᠢᠭᠤᠯᠤᠨ᠎ᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠲᠣᠰ ᠤᠳᠠᠭᠠᠨ ᠤ ᠴᠠᠭᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠦᠷ᠎ᠡ ᠪᠦᠲᠦᠭᠡᠯ ᠢ ᠤᠯᠠᠷᠢᠭᠤᠯᠬᠤ ᠶᠢ ᠴᠢᠬᠤᠯᠠᠴᠢᠯᠠᠵᠤ᠂ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠲᠣᠮᠢᠯᠠᠨ ᠰᠠᠭᠤᠯᠭᠠᠭᠰᠠᠨ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃    
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号