︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠢᠲᠠᠨ ᠤ ᠵᠣᠷᠢᠭ | ᠰᠠᠨᠠᠭ᠎ᠠ ᠪᠠ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ | 25 ᠤ ᠡᠳᠦᠷ᠂ ᠬᠤᠷᠴᠢᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠦᠩᠯᠢᠶᠣᠤ ᠬᠤᠲᠠ ᠶᠢᠨ | ᠴᠢᠰᠤᠨ ᠥᠷᠲᠡᠭᠡ ᠲᠠᠢ ᠬᠠᠮᠲᠤᠷᠠᠨ ᠴᠢᠰᠤ ᠦᠢᠯᠡᠳᠬᠦ ᠭᠤᠤᠯ ᠡᠰ ᠢᠶᠠᠨ ᠬᠠᠨᠳᠢᠪᠯᠠᠬᠤ ᠠᠵᠢᠯᠯᠠᠭ᠎ᠠ ᠦᠷᠨᠢᠭᠦᠯᠪᠡ᠃ | | ᠠᠵᠢᠯᠯᠠᠭ᠎ᠠ ᠶᠢᠨ ᠶᠠᠪᠤᠴᠠ ᠳᠤ ᠠᠵᠢᠯᠲᠠᠳ ᠰᠠᠶᠢᠨ ᠳᠤᠷ᠎ᠠ ᠶᠢᠨ ᠠᠵᠢᠯᠯᠠᠭᠰᠠᠳ ᠲᠤ ᠴᠢᠰᠤ ᠪᠦᠲᠦᠭᠡᠬᠦ ᠭᠤᠤᠯ | ᠡᠰ ᠤᠨ ᠤᠬᠠᠭᠤᠯᠭ᠎ᠠ ᠶᠢᠨ ᠳᠡᠪᠲᠡᠷ ᠲᠠᠷᠬᠠᠭᠠᠵᠤ ᠴᠢᠰᠤ ᠪᠦᠲᠦᠭᠡᠬᠦ ᠭᠤᠤᠯ ᠡᠰ ᠤᠨ ᠬᠠᠮᠢᠶ᠎ᠠ ᠪᠦᠬᠦᠢ ᠮᠡᠳᠡᠯᠭᠡ ᠶᠢ | ᠲᠦᠭᠡᠮᠡᠯᠵᠢᠭᠦᠯᠵᠦ᠂ ᠲᠤᠬᠠᠶ ᠶᠢᠨ ᠲᠠᠯᠠᠪᠠᠢ ᠶᠢᠨ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠤᠨ ᠡᠮᠬᠢ | ᠵᠢᠷᠤᠮ ᠲᠠᠢ ᠪᠠᠷ ᠬᠦᠰᠦᠨᠦᠭᠲᠦ ᠲᠠᠭᠯᠠᠬᠤ᠂ ᠴᠢᠰᠤ ᠠᠪᠤᠭᠤᠯᠪᠠ᠃ ᠠᠵᠢᠯᠲᠠᠳ ᠨᠢᠭᠲᠠ ᠬᠠᠮᠲᠤᠷᠠᠯᠴᠠᠵᠤ᠂ | ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ ᠪᠠᠶᠢᠵᠤ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 63 ᠬᠥᠮᠦᠨ ᠤ ᠴᠢᠰᠤᠨ ᠤ ᠥᠯᠢᠭᠡᠷ ᠴᠤᠭᠯᠠᠭᠤᠯᠪᠠ᠃ ᠰᠠᠶᠢᠨ | ᠳᠤᠷᠠᠴᠤᠳ ᠥᠪᠡᠷ ᠤᠨ ᠬᠠᠶᠢᠷ᠎ᠠ ᠬᠠᠯᠠᠮᠵᠢ ᠪᠠᠷ ᠢᠶᠠᠨ ᠨᠡᠶᠢᠭᠡᠮ ᠳᠡᠭᠡᠷᠡᠬᠢ ᠨᠡᠩ ᠣᠯᠠᠨ ᠠᠪᠤᠷᠠᠨ ᠲᠤᠰᠠᠯᠠᠬᠤ | ᠴᠢᠬᠤᠯᠠᠲᠠᠶ ᠬᠥᠮᠦᠰ ᠤᠨ ᠠᠮᠢ ᠨᠠᠰᠤᠨ ᠤ ᠬᠦᠰᠡᠯ ᠢ ᠬᠥᠪᠴᠢᠯᠡᠵᠡᠶ᠃ ᠥᠪᠡᠷ ᠤᠨ ᠰᠠᠶᠢᠨ ᠰᠠᠶᠢᠬᠠᠨ ᠦᠢᠯᠡ | ᠠᠵᠢᠯᠯᠠᠭ᠎ᠠ ᠪᠠᠷ ᠢᠶᠠᠨ ᠤᠯᠠᠭᠠᠨ ᠵᠠᠭᠠᠯᠮᠠᠢᠲᠠᠨ ᠤ ᠵᠣᠷᠢᠭ ᠰᠠᠨᠠᠭ᠎ᠠ ᠪᠠ ᠬᠦᠴᠦᠨ ᠴᠢᠳᠠᠯ ᠢ ᠲᠠᠶᠢᠯᠪᠤᠷᠢᠯᠠᠵᠤ ᠪᠠᠶᠢᠪᠠ᠃ | | | |