ᠰᠡᠳᠭᠢᠯ ᠢᠶᠠᠨ ᠨᠢᠭᠡᠳᠭᠡᠨ ᠬᠦᠴᠦ ᠪᠠᠨ ᠲᠦᠪᠯᠡᠷᠡᠭᠦᠯᠦᠨ ᠳᠡᠭᠡᠳᠦ ᠳᠤᠤᠷᠠᠳᠤ ᠱᠠᠳᠤ ᠬᠠᠮᠵᠢᠯᠴᠠᠨ ᠬᠦᠳᠡᠯᠦᠯᠴᠡᠨ ᠬᠤᠷᠴᠢᠨ ᠵᠡᠭᠡᠯᠢ ᠭᠤᠲᠤᠮᠵᠢ ᠪᠦᠬᠦ ᠬᠦᠴᠦᠨ ᠢᠶᠠᠷ ᠢᠶᠠᠨ ︽ᠬᠤᠤᠰ ᠬᠤᠲᠠ︾ ᠶᠢ ᠪᠦᠲᠦᠭᠡᠨ ᠪᠠᠶᠢᠭᠤᠯᠤᠭᠰᠠᠨ ᠢ ᠳᠠᠬᠢᠨ ᠰᠢᠯᠭᠠᠨ ᠪᠠᠶᠢᠴᠠᠭᠠᠬᠤ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2020-07-30
 ᠬᠤᠷᠴᠢᠨ ᠵᠡᠭᠡᠯᠢ ᠭᠤᠳᠤᠮᠵᠢ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠤᠲᠠ ᠪᠠᠨ  ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠬᠤ  ᠂ ︽ᠬᠤᠤᠰ ᠬᠤᠲᠠ︾ ᠶᠢ ᠰᠢᠯᠭᠠᠨ ᠪᠠᠶᠢᠴᠠᠭᠠᠬᠤ ᠠᠵᠢᠯ ᠢ  ᠤᠭᠲᠤᠵᠤ ᠠᠵᠢᠯ   ᠤᠨ ᠪᠠᠶᠢᠷᠢᠰᠢᠭᠤᠯᠤᠯᠲᠠ ᠪᠠ ᠱᠠᠭᠠᠷᠳᠠᠯᠭ᠎ᠠ ᠶᠤᠰᠤᠭᠠᠷ ᠪᠦᠬᠦ ᠵᠡᠭᠡᠯᠢ ᠭᠤᠲᠤᠮᠵᠢ ᠶᠢᠨ ᠲᠡᠭᠡᠳᠦ ᠳᠤᠤᠷᠠᠳᠤ ᠱᠠᠳᠤ ᠵᠤᠷᠢᠭ ᠢᠶᠠᠨ ᠬᠦᠪᠴᠢᠯᠡᠨ ᠪᠠᠷᠢᠮᠵᠢᠶ᠎ᠠ ᠶᠤᠰᠤᠭᠠᠷ  ᠲᠦᠯᠬᠢᠨ‌ᠠᠬᠢᠭᠤᠯᠵᠤ ᠂ ᠦᠷᠭᠦᠯᠵᠢᠯᠡᠨ ᠪᠠᠶᠢᠯᠳᠤᠬᠤ ᠪᠠᠨ ᠰᠤᠯᠠᠷᠠᠭᠤᠯᠬᠤ ᠦᠭᠡᠢ᠂ ᠵᠢᠷᠤᠭ ᠡᠯᠭᠦᠨ ᠪᠠᠶᠢᠯᠳᠤᠨ ᠲᠦᠷᠦᠯ  ᠠᠯᠭᠠᠰᠠᠭᠤᠯᠬᠤ ᠦᠭᠡᠢ᠂ ᠠᠵᠢᠯ ᠤᠨ ᠬᠤᠭᠤᠴᠠᠭ᠎ᠠ ᠶᠢ ᠲᠤᠩᠭᠤᠷᠠᠭᠤᠯᠤᠨ ᠵᠠᠰᠠᠨ ᠰᠠᠶᠢᠵᠢᠷᠠᠭᠤᠯᠵᠤ᠂ ᠬᠦᠴᠦ ᠪᠠᠨ ᠨᠡᠶᠢᠯᠡᠭᠦᠯᠦᠨ ︽ᠬᠤᠤᠰ ᠬᠤᠲᠠ︾ ᠶᠢᠨ ᠰᠢᠯᠭᠠᠨ ᠪᠠᠶᠢᠴᠠᠭᠠᠬᠤ ᠶᠢ ᠬᠦᠯᠢᠶᠡᠨ ᠠᠪᠬᠤ ᠠᠵᠢᠯ ᠢᠶᠠᠨ ᠭᠦᠨᠵᠡᠭᠡᠢ ᠦᠷᠨᠢᠭᠦᠯᠵᠦ᠂ ᠡᠯ᠎ᠡ ᠲᠠᠯ᠎ᠠ ᠶᠢᠨ ᠠᠵᠢᠯ ᠱᠠᠳᠤ ᠦᠶ᠎ᠡ ᠶᠢᠨ ᠴᠢᠨᠠᠷᠲᠠᠢ ᠠᠮᠵᠢᠯᠲᠠ ᠤᠯᠪᠠ᠃       ᠨᠢᠭᠡ ᠳᠤ ᠡᠷᠭᠢᠯᠲᠡ ᠪᠠᠷ ᠦᠨᠳᠦᠷ ᠪᠦᠲᠦᠮᠵᠢᠲᠡᠢ ᠠᠵᠢᠯᠯᠠᠬᠤ ᠰᠢᠰᠲ᠋ᠧᠮ ᠢ ᠪᠠᠶᠢᠭᠤᠯᠪᠠ᠃ ᠬᠤᠷᠴᠢᠨ ᠵᠡᠭᠡᠯᠢ ᠭᠤᠲᠤᠮᠵᠢ ᠬᠤᠲᠠ   ᠪᠠᠨ ᠪᠠᠶᠢᠭᠤᠯᠬᠤ ᠶᠢ ᠪᠠᠳᠤᠳᠬᠠᠬᠤ ᠵᠢᠴᠢ ᠰᠢᠯᠭᠠᠨ ᠠᠪᠬᠤ ᠶᠢ ᠣᠭᠲᠣᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠱᠦᠵᠢ ᠪᠠ ᠡᠷᠬᠢᠯᠡᠭᠴᠢ ᠪᠠᠷ ᠶᠡᠷᠦᠩᠬᠡᠢ ᠵᠢᠯᠤᠭᠤᠳᠬᠤ ᠡᠭᠦᠷᠭᠡ ᠶᠢ ᠡᠭᠦᠷᠭᠡᠯᠡᠵᠦ᠂ ᠤᠳᠤᠷᠢᠳᠬᠤ ᠪᠠᠭ ᠤᠨ ᠭᠡᠰᠢᠭᠦᠳ ᠨᠢ ᠨᠡᠶᠢᠭᠡᠮ ᠲᠤᠭᠤᠷᠢᠭ ᠢ ᠳᠠᠭᠠᠭᠠᠴᠢᠯᠠᠨ᠂ ᠡᠯ᠎ᠡ ᠨᠠᠶᠢᠭᠠᠮ ᠲᠤᠭᠤᠷᠢᠭ ᠤᠨ ᠱᠦᠵᠢ ᠪᠠᠷ ᠨᠢᠭᠡᠳᠦᠭᠡᠷ ᠬᠠᠷᠢᠭᠤᠴᠠᠯᠭᠠᠳᠠᠨ ᠪᠤᠯᠭᠠᠵᠤ᠂ ᠪᠦᠬᠦ ᠵᠡᠭᠡᠯᠢ ᠭᠤᠲᠤᠮᠵᠢ ᠶᠢᠨ ᠺᠠᠳ᠋ᠷ   ᠤᠨ ᠬᠡᠰᠡᠭ ᠪᠦᠯᠦᠭ ᠢ ᠡᠯ᠎ᠡ ᠨᠡᠶᠢᠭᠡᠮ ᠲᠤᠭᠤᠷᠢᠭ ᠲᠤ ᠲᠤᠮᠢᠯᠠᠨ ᠠᠵᠢᠯ ᠤᠨ ᠪᠠᠶᠢᠷᠢ ᠶᠢ ᠬᠢᠨᠠᠵᠤ ᠰᠠᠭᠤᠯᠭᠠᠨ ᠡᠭᠦᠷᠭᠡ  ᠬᠠᠷᠢᠭᠤᠴᠠᠭᠤᠯᠪᠠ᠃ ︽ᠬᠤᠤᠰ ᠬᠤᠲᠠ︾ ᠶᠢ ᠡᠭᠦᠳᠦᠨ ᠪᠠᠶᠢᠭᠤᠯᠬᠤ ᠪᠠ ᠰᠢᠯᠭᠠᠨ ᠠᠪᠬᠤ ᠪᠠᠷᠢᠮᠵᠢᠶ᠎ᠠ ᠲᠠᠢ ᠬᠠᠷᠭᠤᠭᠤᠯᠬᠤ ᠬᠡᠷᠡᠭᠵᠢᠭᠦᠯᠬᠦ ᠲᠦᠰᠦᠯ ᠢ ᠳᠤᠭᠲᠠᠭᠠᠨ ᠦᠷᠯᠦᠭᠡ ᠵᠢᠷᠭᠤᠭᠠᠨ ᠴᠠᠭ ᠠᠴᠠ ᠤᠷᠤᠢ ᠶᠢᠨ ᠶᠢᠰᠦᠨ ᠴᠠᠭ ᠪᠤᠯᠲᠠᠯ᠎ᠠ ᠠᠵᠢᠯᠯᠠᠭᠤᠯᠤᠨ ᠠᠭᠢᠮ᠎ᠠ ᠬᠠᠯᠠᠭᠤᠨ ᠠᠴᠠ ᠠᠶᠤᠬᠤ ᠦᠭᠡᠢ ᠬᠡᠪ ᠤᠨ ᠪᠠᠶᠢᠳᠠᠯ ᠢᠶᠠᠨ ᠪᠠᠷᠢᠮᠲᠠᠯᠠᠨ ᠰᠢᠷᠭᠠᠭᠤ ᠬᠠᠳᠠᠭᠤᠵᠢᠯᠲᠠᠢ  ᠪᠤᠲᠠᠳᠠᠢ ᠠᠵᠢᠯᠯᠠᠪᠠ᠃ ᠤᠳᠤᠷᠢᠳᠬᠤ ᠳᠤᠭᠤᠶᠢᠯᠠᠩ ᠤᠨ ᠬᠢᠨ ᠦᠨᠳᠦᠷ ᠳᠠᠪᠲᠠᠮᠵᠢᠲᠡᠢ ᠵᠠᠬ᠎ᠠ ᠳᠠᠷᠠᠭᠠᠯᠠᠨ ᠬᠢᠨᠠᠨ ᠪᠠᠶᠢᠴᠠᠭᠠᠵᠤ᠂ ᠠᠰᠠᠭᠤᠳᠠᠯ ᠢ ᠤᠯᠵᠤ ᠢᠯᠡᠷᠡᠭᠦᠯᠪᠡᠯ ᠳᠠᠷᠤᠢ ᠲᠦᠷᠭᠡᠨ ᠵᠠᠰᠠᠨ ᠰᠠᠶᠢᠵᠢᠷᠠᠭᠤᠯᠵᠤ᠂ ᠡᠯ᠎ᠡ ᠲᠠᠯ᠎ᠠ ᠶᠢᠨ ᠠᠵᠢᠯ ᠢ ᠦᠨᠳᠦᠷ ᠪᠦᠲᠦᠮᠵᠢᠲᠡᠢ ᠲᠦᠯᠬᠢᠨ ᠠᠬᠢᠭᠤᠯᠵᠤ ᠪᠠᠶᠢᠨ᠎ᠠ᠃        ᠬᠤᠶᠠᠷ ᠲᠤ ᠬᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠪᠦᠬᠦ ᠬᠦᠷᠢᠶᠡᠨ ᠳᠠᠬᠢ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠦᠷᠨᠢᠭᠦᠯᠪᠡ᠃ ᠵᠡᠭᠡᠯᠢ ᠭᠤᠲᠤᠮᠵᠢ ᠨᠡᠶᠢᠭᠡᠮ ᠲᠤᠭᠤᠷᠢᠭ ᠪᠠ ᠬᠤᠲᠠ ᠶᠢᠨ ᠬᠠᠮᠢᠶᠠᠷᠤᠯᠲᠠ ᠵᠢᠴᠢ ᠲᠤᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠤᠪᠴᠢᠶ᠎ᠠ᠂ ᠠᠳᠠᠯ ᠠᠬᠤᠢ᠂ ᠬᠠᠷᠢᠶ᠎ᠠ ᠤᠷᠤᠨ ᠤ ᠪᠠᠶᠢᠭᠤᠯᠭ᠎ᠠ ᠨᠢᠭᠡᠴᠢ ᠵᠡᠷᠭᠡ ᠤᠯᠠᠨ ᠲᠠᠯ᠎ᠠ ᠪᠠᠷ ᠬᠠᠮᠵᠢᠯᠴᠠᠨ ᠬᠦᠳᠡᠯᠦᠯᠴᠡᠵᠤ᠂ ᠳᠤᠷ᠎ᠠ ᠪᠠᠷ ᠵᠤᠭᠰᠤᠭᠰᠠᠨ ᠲᠡᠷᠭᠡ ᠬᠦᠰᠭᠡ᠂ ᠬᠠᠤᠯᠢ ᠳᠦᠷᠢᠮ ᠢ ᠵᠦᠷᠢᠴᠡᠭᠰᠡᠨ ᠪᠠᠷᠢᠯᠭ᠎ᠠ᠂ ᠡᠷᠡᠭᠦᠯ ᠬᠠᠮᠠᠭᠠᠯᠠᠯ ᠤᠨ ᠪᠤᠯᠤᠩ ᠲᠤᠬᠤᠢ ᠭᠠᠵᠠᠷ ᠪᠤᠯᠤᠨ ᠵᠢᠵᠢᠭ ᠵᠠᠷ ᠮᠡᠳᠡᠭᠡ ᠶᠢ ᠠᠷᠢᠯᠭᠠᠨ ᠴᠡᠪᠡᠷᠯᠡᠬᠦ ᠠᠵᠢᠯᠯᠠᠭ᠎ᠠ ᠶᠢ ᠦᠷᠨᠢᠭᠦᠯᠵᠦ᠂ ᠤᠷᠳᠤ ᠬᠤᠭᠤᠴᠠᠭᠠᠨ ᠤ ᠬᠠᠮᠢᠶᠠᠷᠤᠯᠲᠠ ᠶᠢ ᠠᠬᠢᠭᠤᠯᠵᠤ᠂ ᠠᠭᠤᠷ ᠠᠮᠢᠰᠬᠤᠯ ᠢ ᠪᠤᠢ ᠪᠤᠯᠭᠠᠬᠤ ᠪᠠᠷ ᠭᠤᠤᠯᠳᠠᠯᠭ᠎ᠠ ᠪᠤᠯᠭᠠᠨ ᠤᠷᠴᠢᠨ ᠲᠤᠭᠤᠷᠢᠨ ᠤ ᠴᠡᠭᠴᠡᠯᠡᠨ ᠵᠠᠰᠠᠬᠤ ᠶᠡᠭᠡ ᠳᠠᠶᠢᠯᠠᠯᠳᠤᠭᠠᠨ ᠬᠢᠨ᠎ᠡ᠃ ᠤᠳᠤ ᠪᠤᠯᠲᠠᠯ᠎ᠠ ᠳᠤᠷ᠎ᠠ ᠲᠠᠪᠠ ᠪᠠᠷ ᠤᠪᠤᠭᠠᠯᠠᠨ ᠲᠠᠯᠪᠢᠭᠰᠠᠨ ᠲᠡᠷᠭᠡ ᠬᠦᠰᠭᠡ ᠶᠢ525 ᠴᠡᠪᠡᠷᠯᠡᠨ᠂ ᠵᠢᠵᠢᠭ ᠵᠠᠷ ᠮᠡᠳᠡᠭᠡ ᠶᠢ2.7 ᠲᠦᠮᠡ ᠠᠷᠢᠯᠭᠠᠨ ᠴᠡᠪᠡᠷᠯᠡᠵᠦ᠂ ᠳᠤᠷ᠎ᠠ ᠲᠠᠪᠠ ᠪᠠᠷ ᠪᠠᠷᠢᠭᠰᠠᠨ ᠪᠠᠷᠢᠯᠭ᠎ᠠ ᠶᠢ3000 ᠲᠡᠭᠰᠢ ᠳᠦᠷᠪᠡᠯᠵᠢᠨ ᠮᠧᠲᠷ ᠨᠤᠷᠠᠭᠠᠵᠤ᠂ ᠦᠭᠦᠮᠡᠯ ᠳᠡᠷᠭᠡ ᠶᠢ70 ᠴᠡᠪᠡᠷᠯᠡᠨ᠂ ᠭᠤᠳᠤᠮᠵᠢ ᠶᠢᠨ ᠵᠠᠮ ᠢ5500 ᠲᠡᠭᠰᠢ ᠳᠦᠷᠪᠡᠯᠵᠢᠨ  ᠮᠧᠲᠷ ᠳᠡᠪᠢᠰᠪᠡ᠃ ᠲᠡᠷᠭᠡᠨ ᠵᠤᠭᠰᠤᠭᠠᠯ ᠢ889 ᠵᠤᠬᠢᠶᠠᠮᠵᠢᠭᠤᠯᠵᠤ ᠵᠢᠷᠤᠵᠤ ᠲᠤᠬᠢᠷᠠᠭᠤᠯᠤᠨ ᠡᠯ᠎ᠡ ᠵᠦᠢᠯ ᠤᠨ ᠤᠬᠠᠭᠤᠯᠬᠤ ᠵᠢᠷᠤᠭ ᠬᠠᠪᠳᠠᠰᠤ ᠶᠢ330 ᠢᠯᠡᠭᠦᠦ ᠵᠤᠬᠢᠶᠠᠨ ᠰᠢᠨᠡᠳᠭᠡᠪᠡ᠃ ᠭᠤᠤᠯᠳᠠᠯᠭ᠎ᠠ ᠲᠠᠢ ᠤᠷᠳᠤ ᠬᠤᠭᠤᠴᠠᠭ᠎ᠠ ᠪᠠᠷ ᠪᠤᠵᠠᠷ ᠪᠤᠷᠳᠤᠭ᠂ ᠡᠮᠬᠢ ᠲᠢᠭᠯᠡᠮ ᠦᠭᠡᠢ᠂ ᠠᠨᠠᠢ ᠪᠠᠶᠢᠭᠰᠠᠨ ᠯᠢ ᠨᠦᠩ ᠪᠠᠭ᠎ᠠ ᠤᠷᠤᠨ ᠰᠠᠭᠤᠴᠠ ᠳᠤ ᠢᠯᠡᠭᠦᠦ ᠤᠷᠤᠵᠤ ᠭᠠᠷᠬᠤ ᠡᠭᠦᠳᠡ ᠶᠢ ᠪᠢᠲᠡᠭᠦᠮᠵᠢᠯᠡᠨ᠂ ᠨᠢᠭᠡᠴᠢ ᠠᠰᠠᠷ ᠤᠨ ᠭᠤᠳᠤᠮ   ᠢ ᠱᠤᠸᠠᠵᠠᠳᠠᠨ ᠰᠢᠷᠳᠡᠵᠤ ᠵᠡᠭᠡᠯᠢ ᠶᠢᠨ ᠵᠠᠬ᠎ᠠ  ᠶᠢᠨ ᠶᠠᠪᠠᠭᠠᠨ ᠱᠠᠳᠤ ᠬᠢᠰᠬᠢᠬᠦᠷ ᠢ ᠪᠦᠬᠦᠯᠢ ᠴᠤᠭᠴᠠ ᠪᠠᠷ ᠨᠢ ᠵᠠᠰᠠᠨ ᠰᠠᠶᠢᠵᠢᠷᠠᠭᠤᠯᠬᠤ  ᠠᠭᠤᠯᠭ᠎ᠠ ᠲᠠᠢ ᠶᠡᠷᠦᠩᠬᠡᠶᠢᠯᠡᠨ ᠦᠭᠡᠷᠡᠴᠢᠯᠡᠨ ᠵᠠᠰᠠᠪᠠ᠃        ᠭᠤᠷᠪᠠ ᠳᠤ ᠨᠡᠶᠢᠭᠡᠮ ᠲᠣᠭᠤᠷᠢᠭ ᠤᠨ ᠲᠤᠤᠷᠴᠢᠯᠠᠬᠰᠠᠨ ᠵᠠᠭᠪᠤᠷ ᠢᠶᠠᠷ ᠬᠤᠳᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠡᠭᠡᠯᠢ ᠭᠤᠳᠤᠮᠵᠢ ᠨᠢ ᠬᠠᠷᠢᠶ᠎ᠠ ᠣᠷᠣᠨ ᠤ ᠲᠠᠯᠠᠪᠠᠢ ᠨᠢ ᠨᠡᠯᠢᠶᠡᠳ ᠶᠡᠭᠡ᠂ ᠨᠡᠭᠦᠳᠡᠯ ᠬᠥᠮᠦᠨ ᠠᠮᠠ ᠣᠯᠠᠨ᠂  ᠬᠠᠭᠤᠴᠢᠨ ᠰᠠᠭᠤᠭᠠᠯᠢ ᠲᠣᠭᠤᠷᠢᠭ ᠣᠯᠠᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ 7 ᠨᠡᠶᠢᠭᠡᠮ ᠲᠣᠭᠤᠷᠢᠭ ᠲᠤ ᠲᠦᠰᠢᠭᠯᠡᠨ 63 ᠲᠣᠣᠷᠯᠢᠭ ᠬᠤᠪᠢᠶᠠᠵᠤ᠂ 181 ᠰᠦᠯᠵᠢᠶᠡᠨ ᠤ ᠠᠵᠢᠯᠲᠠᠨ ᠲᠣᠬᠢᠷᠠᠭᠤᠯᠵᠤ᠂ ︽ᠵᠡᠭᠡᠯᠢ ᠭᠤᠳᠤᠮᠵᠢ — ᠨᠡᠶᠢᠭᠡᠮ ᠲᠣᠭᠤᠷᠢᠭ — ᠠᠰᠠᠷ ᠲᠠᠭᠲᠤ / ᠵᠡᠭᠡᠯᠢ ᠵᠠᠮ — ᠰᠠᠭᠤᠭᠠᠯᠢ ᠠᠷᠠᠳ︾ ᠳᠥᠷᠪᠡᠨ ᠱᠠᠲᠤᠨ ᠤ ᠰᠦᠯᠵᠢᠶᠡᠨ ᠤ ᠰᠢᠰᠲ᠋ᠧᠮ ᠢ ᠪᠠᠶᠢᠭᠤᠯᠵᠤ ᠂ ᠰᠦᠯᠵᠢᠶᠡᠨ ᠤ ᠠᠵᠢᠯᠲᠠᠨ ᠡᠳᠦᠷ ᠢᠶᠠᠷ ᠲᠣᠭᠤᠷᠢᠨ ᠪᠠᠶᠢᠴᠠᠭᠠᠵᠤ᠂ ᠡᠯ᠎ᠡ ᠲᠥᠷᠥᠯ ᠤᠨ ᠣᠷᠴᠢᠨ ᠲᠣᠭᠤᠷᠢᠨ ᠤ ︽ᠠᠷᠬᠠᠭ ᠭᠡᠮ︾ ᠪᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠡᠮᠬᠢᠯᠡᠨ ᠴᠤᠭᠯᠠᠭᠤᠯᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠨ᠎ᠠ᠃    ᠳᠥᠷᠪᠡ ᠳᠤ ᠨᠡᠶᠢᠭᠡᠮ ᠲᠣᠭᠤᠷᠢᠭ ᠤᠨ  ᠪᠠᠷᠢᠮᠵᠢᠶᠠᠳᠤ ᠠᠳᠠᠯ ᠠᠬᠤᠢ ᠶᠢᠨ ᠬᠠᠮᠢᠶᠠᠷᠤᠯᠲᠠ ᠪᠠᠷ ᠬᠠᠭᠤᠴᠢᠨ ᠵᠢᠵᠢᠭ  ᠲᠤᠭᠤᠷᠢᠭ ᠤᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠤᠷᠴᠢᠨ ᠵᠡᠭᠡᠯᠢ ᠭᠤᠳᠤᠮᠵᠢ ᠳᠤ ᠠᠳᠠᠯ ᠠᠬᠤᠶ ᠶᠢᠨ ᠵᠢᠵᠢᠭ ᠲᠣᠭᠤᠷᠢᠭ 15᠂ ᠥᠪᠡᠷᠲᠡᠭᠡᠨ ᠬᠠᠮᠢᠶᠠᠷᠬᠤ ᠵᠢᠵᠢᠭ  ᠲᠤᠭᠤᠷᠢᠭ 3᠂ ᠨᠡᠶᠢᠭᠡᠮ ᠲᠣᠭᠤᠷᠢᠭ ᠤᠨ ᠣᠷᠣᠯᠠᠨ ᠬᠠᠮᠢᠶᠠᠷᠬᠤ ᠵᠢᠵᠢᠭ ᠲᠣᠭᠤᠷᠢᠭ ᠵᠢᠴᠢ ᠲᠤᠰᠠᠭᠠᠷ ᠠᠰᠠᠷ 71 ᠪᠣᠶ᠃ ᠡᠨᠡ ᠵᠢᠯ ᠲᠡᠮᠦᠷ ᠵᠠᠮ ᠤᠨ ᠲᠥᠯᠥᠪᠵᠢᠭᠦᠯᠭᠡ ᠶᠢᠨ ᠬᠦᠷᠢᠶᠡᠯᠡᠩ ᠲᠣᠭᠤᠷᠢᠭ ᠵᠢᠴᠢ ᠡᠷᠭᠢᠨ ᠲᠣᠭᠤᠷᠢᠨ ᠤ ᠡᠮᠦᠨᠡᠲᠦ ᠤᠮᠠᠷᠠᠲᠤ ᠶᠢᠨ ᠰᠧ ᠾᠧ ᠶᠤᠸᠠᠨ ᠲᠣᠭᠤᠷᠢᠭ᠂ ᠠᠷᠪᠠ ᠶᠢᠰᠦᠳᠦᠭᠡᠷ ᠲᠣᠪᠴᠢᠶᠠᠨ ᠤ ᠭᠡᠷ ᠤᠨ ᠬᠠᠷᠢᠶ᠎ᠠ ᠠᠰᠠᠷ ᠤᠨ ᠲᠣᠭᠤᠷᠢᠭ ᠲᠤ ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ  ᠦᠢᠯᠡᠴᠢᠯᠡᠭᠡᠨ ᠢ ᠲᠤᠷᠰᠢᠨ  ᠦᠷᠨᠢᠭᠦᠯᠵᠡᠢ᠃ 35 ᠰᠠᠭᠤᠷᠢ ᠠᠰᠠᠷ ᠲᠠᠭᠲᠤ᠂ 1085 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠠᠶ᠃ ᠲᠤᠷᠰᠢᠯᠲᠠ ᠶᠢᠨ ᠴᠢᠭ ᠤᠨ ᠲᠣᠭᠤᠷᠢᠭ ᠲᠤ ᠣᠳᠣ ᠨᠢᠭᠡᠨᠲᠡ ᠡᠭᠦᠳᠡᠨ ᠬᠤᠷᠢᠭ᠎ᠠ ᠲᠠᠢ᠂ ᠲᠡᠷᠭᠡ ᠵᠣᠭᠰᠣᠬᠤ ᠣᠷᠣ  ᠶᠢ ᠵᠢᠷᠤᠵᠤ᠂ ᠡᠭᠦᠳᠡ ᠶᠢ ᠵᠠᠰᠠᠵᠤ᠂ ᠡᠭᠦᠨ ᠤ ᠬᠠᠮᠲᠤ ᠡᠷᠬᠢᠨ ᠲᠣᠭᠤᠷᠢᠨ ᠤ ᠵᠢᠵᠢᠭ ᠲᠣᠭᠤᠷᠢᠭ ᠢ ᠪᠦᠬᠦᠯᠢ ᠴᠣᠭᠴᠠ ᠪᠣᠯᠭᠠᠨ ᠨᠡᠪᠲᠡᠷᠡᠭᠦᠯᠵᠦ᠂ 24 ᠴᠠᠭ ᠤᠨ ᠪᠠᠶᠢᠩᠭᠤ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠰᠠᠭᠤᠭᠠᠯᠢ ᠠᠷᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠥᠮᠴᠢᠲᠡᠨ ᠤ ᠵᠥᠪᠯᠡᠯ ᠪᠠᠶᠢᠭᠤᠯᠵᠤ᠂ ᠣᠶᠢᠷ᠎ᠠ ᠶᠢᠨ 1 ᠰᠠᠷ᠎ᠠ ᠶᠢᠨ ᠳᠣᠲᠣᠷ᠎ᠠ ᠨᠢᠭᠡᠨᠲᠡ 2 ᠪᠠᠶᠢᠭᠤᠯᠤᠭᠳᠠᠵᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠣᠷᠣᠭᠤᠯᠤᠨ ᠠᠪᠴᠢᠷᠠᠬᠤ ᠳᠤ ᠰᠠᠶᠢᠲᠤᠷ ᠪᠡᠯᠡᠳᠬᠡᠯ ᠬᠢᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号