ᠨᠢᠭᠡ ᠳᠤ᠂ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠲᠤᠯᠬᠤ ᠶᠢ ᠬᠥᠭᠵᠢᠯᠲᠡ ᠶᠢᠨ ᠠᠵᠠ ᠲᠣᠬᠢᠶᠠᠯ | ᠪᠣᠯᠭᠠᠨ ᠠᠵᠤ ᠦᠢᠯᠡᠰ ᠢ ᠲᠥᠯᠥᠪᠵᠢᠭᠦᠯᠦᠨ᠎ᠡ᠃ ᠴᠢᠩ ᠾᠧ ᠪᠠᠯᠭᠠᠰᠤ ᠠᠵᠤ ᠦᠢᠯᠡᠰ ᠤᠨ ᠠᠭᠤᠰᠤᠯᠴᠠᠨ | ᠬᠥᠭᠵᠢᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠡᠮ ᠤᠨ ᠮᠠᠲ᠋ᠧᠷᠢᠶᠠᠯ ᠤᠨ ᠲᠠᠷᠢᠮᠠᠯ ᠤᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠲᠠᠯ᠎ᠠ ᠠᠴᠠ | ᠠᠵᠤ ᠦᠢᠯᠡᠰ ᠢ ᠲᠥᠰᠦᠪᠯᠡᠵᠦ᠂ ᠴᠢᠩ ᠾᠧ ᠪᠠᠯᠭᠠᠰᠤᠨ ᠤ ᠣᠢ ᠮᠣᠳᠣᠨ ᠤ ᠲᠠᠯᠠᠪᠠᠢ 8.6 ᠲᠦᠮᠡᠨ ᠮᠦ᠂ | ᠬᠥᠬᠡᠮᠳᠦᠭ ᠨᠣᠭᠤᠭᠠᠨ ᠠᠭᠤᠯᠠ ᠤᠰᠤ ᠠᠯᠲᠠᠨ ᠠᠭᠤᠯᠠ ᠮᠥᠩᠭᠦᠨ ᠠᠭᠤᠯᠠ ᠶᠢ ᠰᠣᠯᠢᠵᠤ ᠠᠪᠬᠤ | ᠬᠥᠭᠵᠢᠯᠲᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠲᠥᠯᠥᠭᠡ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠᠷ ᠳᠠᠮᠵᠢᠭᠤᠯᠤᠨ ᠱᠠᠨᠰᠢ ᠶᠢᠨ ᠬᠠᠶ ᠲᠢᠶᠠᠨ ᠡᠮ ᠦᠢᠯᠡᠳᠬᠦ ᠡᠯᠡᠰᠦᠨ ᠴᠢᠴᠠᠷᠭᠠᠨ᠎ᠠ᠂ ᠬᠢᠲᠠᠳ | ᠡᠮ ᠤᠨ ᠮᠠᠲ᠋ᠧᠷᠢᠶᠠᠯ ᠲᠠᠷᠢᠬᠤ ᠲᠥᠷᠥᠯ ᠵᠦᠢᠯ ᠢ ᠣᠷᠣᠭᠤᠯᠤᠨ ᠠᠪᠴᠢᠷᠠᠵᠠᠶ᠃ ᠬᠠᠶ ᠲᠢᠶᠠᠨ ᠡᠮ ᠦᠢᠯᠡᠳᠬᠦ | ᠬᠠᠮᠤᠭ ᠶᠡᠭᠡ ᠲᠦᠭᠦᠬᠡᠶ ᠮᠠᠲ᠋ᠧᠷᠢᠶᠠᠯ ᠬᠠᠩᠭᠠᠬᠤ ᠰᠠᠭᠤᠷᠢᠨ ᠭᠠᠵᠠᠷ ᠪᠣᠯᠵᠠᠶ᠃ ᠣᠳᠣᠬᠠᠨ ᠳᠤ᠂ ᠨᠢᠭᠡᠨᠲᠡ | ᠴᠢᠴᠠᠷᠭᠠᠨ᠎ᠠ᠂ ᠬᠤᠨᠴᠢᠷ᠂ ᠬᠤᠷᠳᠤᠨ ᠴᠠᠭᠠᠨ᠂ ᠬᠦᠴᠢᠯᠯᠢᠭ ᠴᠢᠪᠠᠭ᠎ᠠ᠂ ᠳᠡᠭᠦᠵᠢᠩ᠂ ᠰᠢᠬᠢᠷ ᠡᠪᠡᠰᠦ ᠵᠡᠷᠭᠡ 2.5 | ᠲᠦᠮᠡᠨ ᠮᠥ ᠳᠠᠷᠢᠪᠠ᠃ ᠬᠢᠲᠠᠳ ᠮᠣᠩᠭᠤᠯ ᠡᠮ ᠤᠨ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠬᠤ ᠶᠢᠨ ᠲᠤᠰᠠᠳᠠ᠂ ᠶᠠᠳᠠᠭᠤ ᠬᠦᠴᠢᠷᠳᠡᠯᠲᠡᠶ ᠡᠷᠦᠬᠡ ᠪᠣᠯᠤᠨ ᠲᠠᠷᠢᠶᠠᠯᠠᠬᠤ ᠡᠷᠦᠬᠡ ᠶᠢᠨ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ 2020 ᠤᠨ᠂ ᠬᠠᠢ ᠲᠢᠶᠠᠨ ᠲᠠᠷᠢᠶᠠᠨ ᠡᠮ ᠤᠨ ᠮᠠᠲ᠋ᠧᠷᠢᠶᠠᠯ ᠢ | ᠨᠢᠭᠡᠨᠲᠡ ᠲᠠᠷᠢᠭᠰᠠᠨ ᠭᠠᠵᠠᠷ ᠢ 50 ᠠᠴᠠ 500 ᠮᠦ ᠠᠳᠠᠯᠢ ᠪᠤᠰᠤ ᠭᠠᠵᠠᠷ ᠲᠤ ᠬᠤᠪᠢᠶᠠᠵᠤ᠂ 170 | ᠲᠥᠭᠦᠷᠢᠭ \ ᠮᠦ ᠶᠢᠨ ᠦᠨ᠎ᠡ ᠪᠠᠷ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠳᠤ ᠪᠦᠬᠦᠨ ᠢ ᠨᠠᠶᠢᠳᠠᠨ | ᠬᠠᠮᠢᠶᠠᠷᠤᠭᠤᠯᠵᠤ᠂ ᠲᠠᠷᠢᠶᠠᠴᠢᠳ ᠤᠨ ᠪᠦᠬᠦ ᠵᠢᠯ ᠤᠨ ᠠᠵᠢᠯ ᠬᠢᠵᠦ ᠪᠠᠶᠢᠭ᠎ᠠ ᠣᠷᠣᠯᠭ᠎ᠠ ᠨᠢ 500 ᠲᠦᠮᠡᠨ | ᠲᠥᠭᠦᠷᠢᠭ ᠠᠴᠠ ᠳᠡᠭᠡᠭᠰᠢ ᠳᠤ ᠬᠦᠷᠬᠦ ᠪᠣᠯᠤᠨ᠎ᠠ᠃ ᠬᠠᠢ ᠲᠢᠶᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ | ᠴᠢᠨᠠᠬᠤ ᠡᠮ ᠤᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠩ ᠾᠧ | ᠪᠠᠯᠭᠠᠰᠤᠨ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠤᠰ ᠲᠦᠷᠦᠯ ᠵᠦᠢᠯ ᠢ ᠶᠠᠭ ᠪᠦᠳᠦᠭᠡᠨ ᠪᠠᠶᠢᠭᠤᠯᠵᠤ | ᠪᠠᠶᠢᠨ᠎ᠠ᠃ | ᠬᠤᠶᠠᠷ ᠲᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠥᠭᠡᠷᠡᠴᠢᠯᠡᠯᠲᠡ ᠶᠢᠨ ᠲᠠᠯ᠎ᠠ ᠠᠴᠠ ᠠᠵᠤ | ᠦᠢᠯᠡᠰ ᠢ ᠰᠦᠪᠡᠭᠴᠢᠯᠡᠨ᠎ᠡ᠃ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠴᠢᠩ ᠾᠧ | ᠪᠠᠯᠭᠠᠰᠤ ᠢᠳᠡᠰᠢᠨ ᠲᠠᠭᠲᠠᠭ᠎ᠠ ᠶᠢᠨ ᠠᠵᠤ ᠦᠢᠯᠡᠰ ᠢ ᠬᠥᠭᠵᠢᠭᠦᠯᠬᠦ ᠪᠠᠷ ᠲᠣᠭᠲᠠᠪᠠ ᠃ ᠨᠠᠮ ᠤᠨ ᠡᠭᠦᠷ ᠢᠶᠠᠷ | ᠤᠳᠤᠷᠢᠳᠤᠮᠵᠢ ᠪᠣᠯᠭᠠᠵᠤ᠂ ᠬᠤᠷᠰᠢᠶ᠎ᠠ ᠪᠠᠶᠢᠭᠤᠯᠵᠤ᠂ ᠲᠠᠭᠲᠠᠭ᠎ᠠ ᠶᠢᠨ ᠠᠵᠤ ᠦᠢᠯᠡᠰ ᠢ 2018 ᠤᠨ ᠤ 6 | ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠲᠦᠯᠦᠪᠯᠡᠵᠦ᠂ 8 ᠳ᠋ᠤᠭᠠᠷ ᠰᠠᠷ᠎ᠠ ᠳᠤ ᠲᠠᠭᠲᠠᠭ᠎ᠠ ᠶᠢᠨ ᠲᠠᠯᠠᠪᠠᠶ ᠶᠢ | ᠪᠠᠶᠢᠭᠤᠯᠤᠨ ᠪᠦᠲᠦᠭᠡᠨ᠎ᠡ᠃ 9 ᠰᠠᠷ᠎ᠠ ᠳᠤ 480 ᠮᠢᠬᠠᠨ ᠲᠠᠭᠲᠠᠭ᠎ᠠ ᠲᠠᠯᠠᠪᠠᠢ ᠳᠤ ᠣᠷᠣᠵᠤ᠂ ᠣᠳᠣᠬᠠᠨ ᠳᠤ | 7000 ᠥᠲᠥ᠂ 2020 ᠤᠨ ᠳᠤ ᠲᠠᠭᠲᠠᠭ᠎ᠠ ᠶᠢᠨ ᠳᠡᠭᠳᠡᠬᠡᠢ ᠶᠢ 40000 ᠬᠤᠤᠰ ᠠᠴᠠ ᠳᠡᠭᠡᠭᠰᠢ | ᠪᠣᠷᠣᠯᠠᠭᠤᠯᠤᠨ᠎ᠠ᠃ ᠵᠢᠯ ᠤᠨ ᠠᠰᠢᠭ ᠬᠤᠨᠵᠢᠪᠣᠷᠢ ᠨᠢ 100 ᠲᠦᠮᠡᠨ ᠲᠥᠭᠦᠷᠢᠭ ᠠᠴᠠ ᠳᠡᠭᠡᠭᠰᠢ ᠪᠣᠯᠤᠨ᠎ᠠ᠃ | ᠬᠤᠷᠰᠢᠶ᠎ᠠ ᠨᠢ ᠡᠳ᠋ ᠬᠥᠷᠥᠩᠭᠡ ᠶᠢᠨ ᠠᠰᠢᠭ ᠣᠯᠬᠤ ᠠᠷᠭ᠎ᠠ ᠮᠠᠶ᠋ᠢᠭ ᠢ ᠠᠪᠴᠤ᠂ ᠶᠠᠳᠠᠭᠤ ᠶᠢ ᠲᠡᠳᠬᠦᠬᠦ ᠪᠡᠯᠡ | ᠮᠥᠩᠭᠦ ᠶᠢ 13.6 ᠲᠦᠮᠡᠨ ᠲᠥᠭᠦᠷᠢᠭ ᠢᠶᠠᠷ ᠠᠯᠠᠰᠢᠨ ᠲᠠᠭᠲᠠᠭ᠎ᠠ ᠲᠡᠵᠢᠭᠡᠨ ᠦᠷᠡᠵᠢᠭᠦᠯᠬᠦ ᠬᠤᠷᠰᠢᠶ᠎ᠠ ᠳᠤ ᠬᠤᠪᠢ | ᠣᠷᠣᠭᠤᠯᠵᠤ᠂ ᠵᠢᠯ ᠤᠨ ᠠᠰᠢᠭ ᠣᠷᠣᠯᠭ᠎ᠠ ᠶᠢᠨ ᠨᠣᠷᠮ᠎ᠠ ᠨᠢ 15% ᠳᠤ ᠬᠦᠷᠴᠦ᠂ ᠬᠥᠳᠡᠯᠮᠦᠷᠢᠯᠡᠬᠦ ᠴᠢᠳᠠᠪᠤᠷᠢ | ᠦᠭᠡᠶ ᠶᠢ ᠳᠠᠶᠢᠴᠢᠯᠠᠭᠰᠠᠨ 13 ᠡᠷᠦᠬᠡ 35 ᠬᠥᠮᠦᠨ ᠪᠠᠶᠢᠵᠤ᠂ ᠡᠷᠦᠬᠡ ᠳᠤᠮᠳᠠᠴᠢ ᠶᠢᠨ ᠵᠢᠯ ᠤᠨ ᠣᠷᠣᠯᠭ᠎ᠠ ᠨᠢ | 1600 ᠲᠥᠭᠦᠷᠢᠭ ᠣᠷᠴᠢᠮ ᠪᠣᠯᠤᠨ᠎ᠠ᠃ ᠡᠭᠦᠨ ᠤ ᠬᠠᠮᠲᠤ 2000 ᠠᠯᠠᠰᠢᠨ ᠲᠠᠭᠲᠠᠭ᠎ᠠ ᠲᠡᠵᠢᠭᠡᠵᠦ | ᠦᠷᠡᠵᠢᠭᠦᠯᠬᠦ ᠪᠠᠷ ᠵᠢᠱᠢᠶᠡᠯᠡᠪᠡᠯ᠂ ᠵᠢᠯ ᠳᠤ 20 ᠲᠦᠮᠡᠨ ᠵᠢᠩ ᠡᠷᠳᠡᠨᠢ ᠰᠢᠰᠢ᠂ 8 ᠲᠦᠮᠡᠨ ᠵᠢᠩ ᠪᠤᠭᠤᠳᠠᠢ | ᠬᠡᠷᠡᠭᠰᠡᠨ᠎ᠡ᠃ ᠰᠢᠰᠢ 8 ᠲᠦᠮᠡᠨ ᠵᠢᠩ᠂ ᠸᠠᠨᠳ᠋ᠸᠤ ᠪᠤᠷᠴᠠᠭ 5 ᠲᠦᠮᠡᠨ ᠵᠢᠩ᠂ ᠲᠠᠷᠢᠶᠠᠴᠢᠳ ᠤᠨ ᠲᠡᠵᠢᠭᠡᠬᠦ ᠶᠢᠨ | ᠲᠥᠯᠥᠭᠡ ᠲᠠᠷᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ | ᠡᠰᠡᠷᠭᠦᠴᠡᠨ ᠬᠤᠷᠢᠭᠯᠠᠬᠤ ᠴᠢᠳᠠᠪᠤᠷᠢ ᠶᠢ ᠴᠢᠩᠭᠠᠷᠠᠭᠤᠯᠪᠠ᠃ ᠪᠦᠬᠦ ᠪᠠᠯᠭᠠᠰᠤᠨ ᠤ ᠣᠶᠢᠲᠤ ᠭᠠᠵᠠᠷ ᠤᠨ ᠲᠠᠯᠠᠪᠠᠢ | ᠶᠡᠭᠡ ᠪᠠᠶᠢᠬᠤ ᠳᠠᠪᠠᠭᠤᠯᠢᠭ ᠲᠤ ᠲᠦᠰᠢᠭᠯᠡᠨ᠂ ᠲᠠᠯ᠎ᠠ ᠨᠤᠲᠤᠭ ᠤᠨ ᠴᠠᠭᠠᠨ ᠭᠠᠯᠠᠭᠤ ᠲᠡᠵᠢᠭᠡᠨ ᠦᠷᠡᠵᠢᠭᠦᠯᠬᠦ ᠠᠵᠤ | ᠦᠢᠯᠡᠰ ᠢ ᠬᠥᠭᠵᠢᠭᠦᠯᠬᠦ ᠪᠠᠷ ᠬᠦᠴᠦᠯᠡᠵᠦ᠂ ᠤᠬᠠᠭᠤᠯᠤᠨ ᠳᠠᠶᠢᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ | ᠲᠥᠷᠥ ᠶᠢᠨ ᠪᠣᠳᠣᠯᠭ᠎ᠠ ᠪᠠᠷ ᠳᠠᠶᠢᠴᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠣᠯᠠᠨ ᠲᠦᠮᠡᠨ ᠢ ᠳᠠᠶᠢᠴᠢᠯᠠᠨ | ᠴᠠᠭᠠᠨ ᠭᠠᠯᠠᠭᠤ ᠲᠡᠵᠢᠭᠡᠨ ᠦᠷᠡᠵᠢᠭᠦᠯᠬᠦ ᠶᠢ ᠬᠥᠭᠵᠢᠭᠦᠯᠦᠨ᠎ᠡ᠃ ᠶᠦᠩ ᠾᠧ ᠲᠦᠢᠨ ᠲᠣᠰᠬᠤᠨ ᠤ ᠨᠠᠮ ᠤᠨ ᠡᠭᠦᠷ | ᠤᠤᠯ ᠤᠨ ᠬᠠᠭᠤᠴᠢᠨ ᠲᠣᠰᠬᠤᠨ ᠢ ᠠᠮᠢᠯᠠᠭᠤᠯᠵᠤ᠂ ᠶᠦᠩ ᠾᠧ ᠳᠦᠨ ᠴᠠᠭᠠᠨ ᠭᠠᠯᠠᠭᠤ ᠨᠡᠪᠴᠢᠭᠦᠯᠬᠦ | ᠦᠢᠯᠡᠳᠪᠦᠷᠢ ᠶᠢ ᠲᠦᠷᠦᠭᠦᠯᠡᠨ ᠳᠠᠩᠰᠠᠯᠠᠵᠤ᠂ ᠵᠢᠯ ᠳᠤ 28 ᠲᠦᠮᠡᠨ ᠴᠠᠭᠠᠨ ᠭᠠᠯᠠᠭᠤ ᠶᠢ ᠨᠡᠪᠴᠢᠭᠦᠯᠬᠦ ᠶᠢ | ᠪᠡᠶᠡᠯᠡᠭᠦᠯᠵᠦ ᠪᠣᠯᠤᠨ᠎ᠠ᠃ ᠨᠡᠪᠴᠢᠭᠦᠯᠬᠦ ᠲᠠᠯᠠᠪᠠᠢ ᠶᠢᠨ ᠵᠢᠯ ᠤᠨ ᠠᠰᠢᠭ ᠬᠤᠨᠵᠢᠪᠣᠷᠢ ᠶᠢ 25 ᠲᠦᠮᠡᠨ | ᠲᠥᠭᠦᠷᠢᠭ ᠲᠤ ᠬᠦᠷᠭᠡᠵᠦ᠂ ᠲᠣᠰᠬᠤᠨ ᠤ ᠬᠠᠮᠲᠤ ᠶᠢᠨ ᠣᠷᠣᠯᠭ᠎ᠠ ᠶᠢ 5 ᠲᠦᠮᠡᠨ ᠲᠥᠭᠦᠷᠢᠭ ᠳᠠᠶᠢᠴᠢᠯᠠᠨ᠎ᠠ᠃ | ᠴᠠᠭᠠᠨ ᠭᠠᠯᠠᠭᠤ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠦᠯᠦᠭᠡ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠴᠠ ᠡᠭᠦᠰᠴᠦ᠂ ᠴᠠᠭᠠᠨ ᠭᠠᠯᠠᠭᠤ ᠨᠢᠲᠤᠯᠬᠤ | ᠦᠢᠯᠡᠳᠪᠦᠷᠢ ᠪᠠᠶᠢᠭᠤᠯᠵᠤ᠂ ᠣᠷᠴᠢᠨ ᠲᠣᠭᠤᠷᠢᠨ ᠤ ᠦᠨᠡᠯᠡᠯᠲᠡ᠂ ᠤᠰᠤᠨ ᠤ ᠰᠢᠨᠵᠢᠯᠡᠯᠲᠡ ᠵᠡᠷᠭᠡ ᠭᠠᠷ | ᠭᠦᠢᠴᠡᠳᠬᠡᠯ ᠢ ᠨᠢᠭᠡᠨᠲᠡ ᠬᠢᠵᠦ ᠳᠠᠭᠤᠰᠪᠠ᠂ ᠣᠳᠣ ᠶᠠᠭ ᠭᠠᠵᠠᠷ ᠰᠢᠷᠣᠶ ᠶᠢ ᠬᠢᠨᠠᠨ ᠵᠥᠪᠰᠢᠶᠡᠷᠡᠵᠦ ᠪᠠᠢᠨ᠎ᠠ᠃ | ᠭᠤᠷᠪᠠ ᠳᠤ᠂ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ ᠠᠵᠤ | ᠦᠢᠯᠡᠰ ᠢ ᠲᠥᠯᠥᠪᠵᠢᠭᠦᠯᠦᠨ᠎ᠡ᠃ ᠴᠢᠩ ᠾᠧ ᠪᠠᠯᠭᠠᠰᠤ ᠨᠢ ᠬᠦᠷᠢᠶᠡᠨ ᠤ ᠠᠵᠤ ᠠᠬᠤᠶ ᠶᠢ ᠬᠥᠭᠵᠢᠭᠦᠯᠬᠦ | ᠶᠠᠪᠤᠳᠠᠯ ᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠭᠠᠷᠳᠠᠬᠤ ᠴᠡᠭ ᠪᠣᠯᠭᠠᠵᠤ᠂ ᠴᠠᠭᠠᠨ ᠭᠠᠯᠠᠭᠤ ᠶᠢᠨ ᠠᠵᠤ | ᠦᠢᠯᠡᠰ ᠢ ᠬᠦᠷᠢᠶᠡᠨ ᠤ ᠵᠢᠭᠦᠷᠲᠡᠨ ᠤ ᠲᠥᠷᠥᠯ ᠤᠨ ᠲᠡᠵᠢᠭᠡᠨ ᠦᠷᠡᠵᠢᠭᠦᠯᠬᠦ ᠭᠤᠤᠯᠯᠠᠬᠤ ᠦᠢᠯᠡᠰ ᠪᠣᠯᠭᠠᠬᠤ ᠪᠠᠷ | ᠲᠣᠭᠲᠠᠭᠠᠨ᠎ᠠ᠃ 2019 ᠤᠨ᠂ 179 ᠡᠷᠦᠬᠡ ᠲᠠᠩᠰᠠ ᠪᠠ ᠺᠠᠷᠲ ᠲᠠᠢ ᠡᠷᠦᠬᠡ ᠳᠤ 1.4 ᠲᠦᠮᠡᠨ | ᠭᠠᠯᠠᠭᠤᠨ ᠤ ᠴᠤᠷᠪᠠᠭ᠎ᠠ ᠲᠠᠷᠬᠠᠭᠠᠵᠤ᠂ ᠡᠷᠦᠬᠡ ᠳᠤᠮᠳᠠᠴᠢ ᠪᠠᠷ 1800 ᠲᠥᠭᠦᠷᠢᠭ ᠤᠨ ᠣᠷᠣᠯᠭ᠎ᠠ ᠨᠡᠮᠡᠭᠳᠡᠪᠡ᠃ | 2020 ᠣᠨ ᠳᠤ᠂ ᠲᠠᠩᠰᠠ ᠪᠠ ᠺᠠᠷᠲ ᠲᠠᠢ 61 ᠡᠷᠦᠬᠡ ᠳᠤ 5000 ᠭᠠᠯᠠᠭᠤᠨ ᠤ ᠴᠤᠷᠪᠠᠭ᠎ᠠ ᠲᠠᠷᠬᠠᠭᠠᠵᠤ᠂ | ᠵᠢᠱᠢᠯᠲᠡ ᠪᠠᠷ ᠡᠷᠦᠬᠡ ᠪᠦᠷᠢ ᠳᠤᠮᠳᠠᠴᠢ ᠪᠠᠷ 2000 ᠲᠥᠭᠦᠷᠢᠭ ᠣᠷᠴᠢᠮ ᠨᠡᠮᠡᠭᠳᠡᠬᠦ ᠪᠣᠯᠤᠨ᠎ᠠ᠃ ᠬᠦᠷᠢᠶᠡᠨ ᠤ | ᠲᠠᠯᠠᠪᠠᠢ ᠶᠡᠭᠡ ᠲᠠᠷᠢᠶᠠᠴᠢᠨ ᠡᠷᠦᠬᠡ ᠳᠤ ᠴᠢᠭᠯᠡᠭᠦᠯᠦᠨ᠂ ᠱᠠᠨ ᠰᠢ ᠶᠢᠨ ᠷᠦᠢ ᠴᠧᠩ ᠤᠨ ᠺᠠᠶ ᠱᠠ ᠴᠠᠶ ᠶᠢᠨ | ᠲᠠᠯᠠᠪᠠᠶ ᠲᠠᠢ ᠬᠠᠮᠲᠤᠷᠠᠨ᠂ ᠬᠦᠷᠢᠶᠡᠨ ᠳᠡᠭᠡᠨ ᠪᠡᠭᠡᠵᠢᠩ ᠤᠨ ᠤᠳᠪᠠᠯᠠ 500 ᠮᠦ ᠲᠠᠷᠢᠵᠠᠢ᠃ ᠡᠭᠦᠨ ᠳᠤ᠄ 83 | ᠶᠠᠳᠠᠭᠤ ᠬᠦᠴᠢᠷᠳᠡᠯᠲᠡᠶ ᠡᠷᠦᠬᠡ᠂ ᠵᠢᠱᠢᠯᠲᠡ ᠪᠠᠷ ᠮᠦ ᠪᠦᠷᠢ ᠶᠢᠨ ᠣᠷᠣᠯᠭ᠎ᠠ 3000 ᠲᠥᠭᠦᠷᠢᠭ ᠨᠡᠮᠡᠭᠳᠡᠵᠦ᠂ | ᠣᠳᠣᠬᠠᠨ ᠳᠤ ᠬᠠᠲᠠᠭᠠᠬᠤᠢ ᠲᠥᠬᠦᠭᠡᠷᠦᠮᠵᠢ ᠨᠢᠭᠡᠨᠲᠡ ᠲᠠᠯᠠᠪᠠᠢ ᠳᠤ ᠣᠷᠣᠪᠠ᠃ ᠢᠳᠡᠪᠬᠢᠯᠡᠨ ᠴᠢᠷᠮᠠᠶᠢᠬᠤ | ᠬᠤᠲᠠ ᠶᠢᠨ ᠣᠢ ᠰᠢᠭᠤᠶ ᠶᠢᠨ ᠲᠣᠪᠴᠢᠶᠠᠨ ᠤ ᠬᠠᠳᠬᠤᠮᠠᠯ ᠬᠠᠶᠢᠲᠠᠩ ᠤᠨ ᠲᠥᠷᠥᠯ ᠵᠦᠢᠯ ᠢ ᠴᠢᠷᠮᠠᠶᠢᠨ ᠣᠯᠵᠤ᠂ | ᠶᠦᠩ ᠾᠧ ᠲᠦᠢᠨ ᠲᠣᠰᠬᠤᠨ ᠳᠤ ᠬᠦᠷᠢᠶ᠎ᠡ ᠬᠠᠰᠢᠶ᠎ᠠ ᠶᠢᠨ ᠬᠠᠳᠬᠤᠮᠠᠯ ᠬᠠᠶᠢᠲᠠᠩ 153 ᠡᠷᠦᠬᠡ ᠲᠠᠷᠢᠵᠤ᠂ | 5500 ᠰᠠᠭᠤᠷᠢ ᠲᠠᠷᠢᠪᠠ᠃ | ᠲᠦᠷᠪᠡ ᠳᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ ᠠᠵᠤ ᠦᠢᠯᠡᠰ ᠤᠨ | ᠬᠥᠭᠵᠢᠯᠲᠡ ᠶᠢ ᠲᠦᠯᠦᠪᠵᠢᠭᠦᠯᠦᠨ᠎ᠡ᠃ ᠴᠢᠩ ᠾᠧ ᠪᠠᠯᠭᠠᠰᠤ ᠢᠳᠡᠰᠢᠨ ᠨᠣᠭᠤᠭ᠎ᠠ ᠶᠢᠨ ᠠᠵᠤ ᠦᠢᠯᠡᠰ ᠢ | ᠬᠥᠭᠵᠢᠭᠦᠯᠬᠦ ᠭᠤᠤᠯ ᠬᠤᠲᠠ ᠶᠢᠨ ᠲᠣᠭᠤᠷᠢᠭ ᠤᠨ ᠢᠳᠡᠰᠢᠨ ᠨᠣᠭᠤᠭ᠎ᠠ ᠶᠢᠨ ᠰᠠᠭᠰᠤ ᠪᠣᠯᠬᠤ ᠪᠠᠷ ᠬᠥᠭᠵᠢᠯᠲᠡ ᠶᠢᠨ | ᠪᠠᠶᠢᠷᠢ ᠲᠣᠭᠲᠠᠭᠠᠯᠲᠠ ᠪᠣᠯᠭᠠᠵᠠᠶ᠃ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠪᠠᠷ ᠠᠵᠠ ᠲᠣᠬᠢᠶᠠᠯ | ᠪᠣᠯᠭᠠᠵᠤ᠂ ᠵᠠᠳᠠᠭᠠᠶ ᠢᠳᠡᠰᠢᠨ ᠨᠣᠭᠤᠭ᠎ᠠ ᠪᠣᠯᠤᠨ ᠲᠥᠬᠦᠭᠡᠷᠦᠮᠵᠢᠲᠦ ᠲᠠᠷᠢᠶᠠᠯᠠᠩ ᠤᠨ ᠬᠡᠯᠪᠡᠷᠢ ᠶᠢ ᠠᠪᠴᠤ 432 | ᠮᠦ ᠲᠦᠭᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠵᠠᠶ᠃ ᠣᠳᠣ ᠪᠠᠶᠢᠭ᠎ᠠ ᠨᠡᠷᠡᠨ ᠤ | ᠭᠡᠷᠡᠯ ᠤᠨ ᠬᠦᠯᠡᠮᠵᠢ ᠶᠢᠨ ᠳᠤᠯᠠᠭᠠᠨ ᠫᠧᠩ 46 ᠪᠠᠶᠢᠵᠤ᠂ ᠲᠣᠰ ᠲᠥᠷᠥᠯ ᠤᠨ ᠪᠥᠲᠥᠭᠡᠨ ᠪᠠᠶᠢᠭᠤᠯᠤᠯᠲᠠ ᠨᠢ | ᠭᠤᠤᠯ ᠬᠤᠲᠠ ᠶᠢᠨ ᠲᠣᠭᠤᠷᠢᠭ ᠤᠨ ᠢᠳᠡᠰᠢᠨ ᠨᠣᠭᠤᠭ᠎ᠠ ᠬᠠᠩᠭᠠᠬᠤ ᠰᠠᠭᠤᠷᠢᠨ ᠭᠠᠵᠠᠷ᠂ ᠪᠣᠬᠢᠷᠲᠤᠯ ᠥᠬᠡᠶ | ᠢᠳᠡᠰᠢᠨ ᠨᠣᠭᠤᠭ᠎ᠠ ᠶᠢᠨ ᠥᠨᠳᠥᠷ ᠦᠷ᠎ᠡ ᠠᠰᠢᠭᠲᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠣᠯᠵᠣ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠬᠡᠨ ᠠᠵᠢᠯ ᠣᠯᠭᠤᠬᠤ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ | ᠲᠠᠷᠢᠶᠠᠴᠢᠳ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠬᠠᠮᠲᠤ ᠶᠢᠨ ᠠᠵᠤ ᠠᠬᠤᠶ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠤᠵᠠᠭᠠᠶᠢᠷᠠᠭᠤᠯᠬᠤ ᠪᠣᠯᠤᠨ᠎ᠠ᠃ ᠡᠭᠦᠨ ᠤ ᠬᠠᠮᠲᠤ᠂ ᠲᠣᠰ ᠲᠥᠷᠥᠯ ᠵᠦᠢᠯ ᠨᠢ | ᠲᠦᠩᠯᠢᠶᠣᠤ ᠬᠤᠲᠠ ᠶᠢᠨ ᠶᠦᠨ ᠳ᠋ᠠ ᠲᠠᠷᠢᠶᠠᠯᠠᠩ ᠤᠨ ᠪᠦᠲᠦᠭᠡᠭᠳᠡᠬᠦᠨ ᠤ ᠢᠳᠡᠰᠢᠨ ᠨᠤᠭᠤᠭ᠎ᠠ ᠶᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠲᠠᠢ ︽ᠬᠡᠷᠡᠭᠯᠡᠭᠡ ᠪᠠᠷ ᠶᠠᠳᠠᠭᠤ ᠶᠢ ᠲᠡᠳᠬᠦᠬᠦ︾᠂ ︽ᠰᠤᠷᠭᠠᠭᠤᠯᠢ ᠠᠵᠤ | ᠠᠬᠤᠶᠢᠯᠠᠯ ᠢ ᠵᠣᠯᠭᠠᠭᠤᠯᠬᠤ︾ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠪᠥᠬᠦ ᠬᠤᠲᠠ ᠶᠢᠨ ᠪᠠᠶᠢᠷᠢ ᠳᠤ | ᠰᠠᠭᠤᠬᠤ ᠳᠦᠷᠢᠮᠲᠦ ᠰᠤᠷᠭᠠᠭᠤᠯᠢ ᠳᠤ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠦᠷᠭᠦᠯᠵᠢᠯᠡᠨ | ᠬᠠᠩᠭᠠᠵᠤ ᠪᠠᠶᠢᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠨ᠂ ᠪᠥᠬᠦ ᠪᠠᠯᠭᠠᠰᠤᠨ ᠤ 6 ᠲᠦᠮᠡᠨ ᠮᠥ ᠵᠠᠳᠠᠭᠠᠶ ᠭᠠᠵᠠᠷ ᠤᠨ ᠵᠢᠮᠢᠰ ᠨᠣᠭᠤᠭ᠎ᠠ ᠳᠠᠷᠢᠬᠤ ᠶᠢ | ᠳᠠᠶᠢᠴᠢᠯᠠᠵᠤ᠂ ᠲᠦᠭᠦᠭᠡᠷᠦᠮᠵᠢᠲᠦ ᠲᠠᠷᠢᠶᠠᠯᠠᠩ ᠢᠶᠠᠷ ᠳᠠᠮᠵᠢᠭᠤᠯᠤᠨ ᠭᠠᠵᠠᠷ ᠰᠢᠷᠣᠶ ᠶᠢ ᠠᠰᠢᠭᠯᠠᠬᠤ ᠦᠷ᠎ᠡ | ᠠᠰᠢᠭ ᠢ ᠬᠠᠮᠤᠭ ᠤᠨ ᠰᠢᠯᠢᠳᠡᠭᠵᠢᠭᠦᠯᠦᠭᠰᠡᠨ᠂ ᠬᠠᠮᠲᠤ ᠶᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢ ᠬᠠᠮᠤᠭ ᠤᠨ | ᠶᠡᠭᠡ ᠪᠠᠷ ᠨᠡᠮᠡᠭᠳᠡᠭᠦᠯᠪᠡ᠃ ᠣᠳᠣᠬᠠᠨ ᠳᠤ᠂ ᠪᠥᠬᠦ ᠪᠠᠯᠭᠠᠰᠤᠨ ᠳᠤ ᠥᠷᠭᠡᠰᠦᠲᠦ ᠬᠡᠮᠬᠡ᠂ ᠯᠠᠵᠤᠤ ᠵᠡᠷᠭᠡ ᠪᠣᠬᠢᠷᠲᠤᠯ | ᠥᠬᠡᠶ ᠢᠳᠡᠰᠢᠨ ᠨᠣᠭᠤᠭ᠎ᠠ ᠶᠢᠨ ᠲᠥᠷᠥᠯ ᠵᠦᠢᠯ ᠢ 4 ᠲᠥᠷᠥᠯ ᠢᠶᠠᠷ ᠳᠠᠩᠰᠠᠯᠠᠭᠤᠯᠵᠤ᠂ ᠬᠥᠳᠡᠯᠮᠦᠷᠢᠯᠡᠬᠦ | ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠪᠠ ᠲᠠᠷᠢᠶᠠᠴᠢᠨ ᠡᠷᠦᠬᠡ ᠶᠢ ᠳᠠᠶᠢᠴᠢᠯᠠᠨ 50 ᠬᠥᠮᠦᠨ | ᠲᠣᠭᠲᠠᠪᠤᠷᠢᠲᠠᠶ ᠬᠥᠯᠥᠰᠥᠨ ᠠᠵᠢᠯ ᠬᠢᠯᠭᠡᠵᠦ᠂ ᠲᠦᠷ ᠴᠠᠭ ᠤᠨ ᠴᠢᠨᠠᠷᠲᠠᠶ ᠠᠵᠢᠯ ᠬᠢᠬᠦ 3000 ᠬᠥᠮᠦᠨ ᠤᠳᠠᠭ᠎ᠠ | / ︵ᠵᠢᠯ ᠳᠤ︶ ᠪᠤᠯᠭᠠᠨ᠎ᠠ᠃ | ᠲᠠᠪᠤ ᠳᠤ ᠠᠵᠤ ᠦᠢᠯᠡᠰ ᠢ ᠬᠥᠭᠵᠢᠭᠦᠯᠦᠨ ᠳᠤᠲᠠᠭᠤᠳᠠᠯ ᠢ ᠨᠥᠬᠦᠪᠥᠷᠢᠯᠡᠬᠦ ᠵᠣᠭᠰᠣᠴᠠ ᠠᠴᠠ ᠠᠵᠤ | ᠦᠢᠯᠡᠰ ᠢ ᠲᠦᠯᠦᠪᠵᠢᠭᠦᠯᠦᠨ᠎ᠡ᠃ ᠣᠳᠣᠬᠠᠨ ᠳᠤ᠂ ᠪᠦᠬᠦ ᠪᠠᠯᠭᠠᠰᠤᠨ ᠤ 6 ᠲᠦᠮᠡᠨ ᠮᠦ ᠵᠠᠳᠠᠭᠠᠶ ᠢᠳᠡᠰᠢᠨ | ᠨᠣᠭᠤᠭ᠎ᠠ ᠡᠭᠦᠨ ᠤ ᠳᠣᠲᠣᠷ᠎ᠠ᠄ ᠬᠠᠲᠠᠭᠠᠭᠰᠠᠨ ᠤᠯᠠᠭᠠᠨ ᠯᠠᠵᠤᠤ 3.2 ᠲᠦᠮᠡᠨ ᠮᠦ ᠪᠠᠶᠢᠵᠤ᠂ ᠬᠡᠪᠰᠢᠮᠡᠯ | ᠭᠠᠷᠤᠯᠲᠠ ᠨᠢ 5 ᠲᠦᠮᠡᠨ ᠲᠣᠨ ᠳᠤ ᠬᠦᠷᠬᠦ ᠪᠣᠯᠤᠨ᠎ᠠ᠃ ᠲᠥᠪᠯᠡᠷᠡᠨ ᠵᠠᠯᠭᠠᠯᠳᠤᠭᠰᠠᠨ ᠲᠥᠮᠥᠰᠥ 2000 ᠮᠦ | ᠪᠠᠶᠢᠵᠤ᠂ ᠵᠢᠱᠢᠯᠲᠡ ᠪᠠᠷ 1 ᠲᠦᠮᠡᠨ ᠲᠣᠨ ᠤ ᠭᠠᠷᠤᠯᠲᠠ ᠲᠠᠢ᠃ ᠠᠮᠲᠠᠲᠤ ᠲᠥᠮᠥᠰᠥ 500 ᠮᠦ ᠪᠠᠶᠢᠵᠤ᠂ | ᠵᠢᠱᠢᠯᠲᠡ ᠪᠠᠷ 1000 ᠲᠣᠨ ᠬᠤᠷᠢᠶᠠᠯᠲᠠ ᠣᠯᠤᠨ᠎ᠠ᠃ ᠬᠤᠤ ᠯᠤᠤᠪᠠᠩ 20 ᠮᠦ ᠪᠠᠶᠢᠵᠤ᠂ ᠵᠢᠱᠢᠯᠲᠡ ᠪᠠᠷ | ᠭᠠᠷᠤᠯᠲᠠ ᠨᠢ 20 ᠲᠦᠮᠡᠨ ᠵᠢᠩ ᠪᠣᠯᠤᠨ᠎ᠠ᠃ ᠪᠥᠭᠡᠷᠡᠩᠬᠡᠶ ᠰᠣᠩᠭᠢᠨ᠎ᠠ ᠪᠠ ᠰᠣᠩᠭᠢᠨ᠎ᠠ 500 ᠮᠦ ᠠᠴᠠ ᠳᠡᠭᠡᠭᠰᠢ | ᠪᠠᠶᠢᠵᠤ᠂ ᠵᠢᠱᠢᠯᠲᠡ ᠪᠠᠷ 3000 ᠲᠣᠨ ᠭᠠᠷᠤᠯᠲᠠ ᠲᠠᠢ᠃ ᠡᠭᠦᠨ ᠤ ᠳᠡᠭᠡᠷ᠎ᠡ ᠲᠥᠬᠦᠭᠡᠷᠦᠮᠵᠢᠲᠦ ᠲᠠᠷᠢᠶᠠᠯᠠᠩ ᠤᠨ | ᠬᠦᠷᠢᠶᠡᠯᠡᠩ ᠲᠣᠭᠤᠷᠢᠭ ᠤᠨ ᠢᠳᠡᠰᠢᠨ ᠨᠣᠭᠤᠭ᠎ᠠ ᠶᠢᠨ ᠭᠠᠷᠤᠯᠲᠠ ᠶᠢ 150 ᠲᠦᠮᠡᠨ ᠵᠢᠩ ᠠᠴᠠ ᠳᠡᠭᠡᠭᠰᠢ | ᠬᠠᠳᠠᠭᠠᠯᠠᠵᠠᠶ᠃ ᠴᠢᠩ ᠾᠧ ᠪᠠᠯᠭᠠᠰᠤ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ | ᠲᠡᠮᠡᠴᠡᠨ ᠣᠯᠵᠤ᠂ ᠠᠵᠤ ᠦᠢᠯᠡᠰ ᠢ ᠬᠥᠭᠵᠢᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠰᠢᠨ᠎ᠡ ᠰᠣᠷᠭᠤᠭ | ᠪᠠᠶᠢᠯᠭᠠᠬᠤ ᠬᠥᠮᠥᠷᠭᠡ ᠪᠣᠯᠤᠨ ᠬᠦᠢᠲᠡᠨ ᠬᠥᠮᠥᠷᠭᠡ ᠶᠢ ᠪᠦᠲᠦᠭᠡᠨ ᠪᠠᠶᠢᠭᠤᠯᠵᠤ᠂ ᠥᠷᠨᠢᠭᠦᠨ ᠬᠦᠭᠵᠢᠭᠰᠡᠨ ᠢᠳᠡᠰᠢᠨ | ᠨᠣᠭᠤᠭ᠎ᠠ ᠶᠢᠨ ᠠᠵᠤ ᠦᠢᠯᠡᠰ ᠢ ᠬᠠᠮᠠᠭᠠᠯᠠᠵᠤ ᠬᠦᠭᠵᠢᠭᠦᠯᠬᠦ ᠪᠤᠯᠤᠨ᠎ᠠ᠃ | | | | | | |