ᠬᠤᠷᠴᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠤᠬᠠᠶ ᠶᠢᠨ ᠭᠠᠵᠠᠷ ᠲᠤᠨᠢ  ᠠᠵᠢᠯᠯᠠᠵᠤ᠂ ᠱᠧᠨ ᠲᠦᠩ ᠪᠠᠷᠠᠭ᠎ᠠ ᠶᠢᠨ  ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ  ᠤ ᠬᠤᠯᠪᠣᠭᠳᠠᠯ ᠪᠦᠬᠦᠢ ᠠᠰᠠᠭᠤᠳᠠᠯ ᠢ  ᠰᠢᠢᠳᠪᠦᠷᠢᠯᠡᠬᠦ ᠲᠥᠰᠦᠯ ᠢ ᠲᠣᠭᠲᠠᠭᠠᠪᠠ
ᠨᠡᠶᠢᠲᠡᠯᠡᠭᠰᠡᠨ ᠴᠠᠭ᠄
2020-07-30
  ᠲᠦᠩᠯᠢᠶᠣᠤ ᠬᠤᠲᠠ ᠶᠢᠨ ᠱᠧᠨ ᠲᠦᠩ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠨᠢ ᠬᠤᠷᠴᠢᠨ ᠲᠣᠭᠤᠷᠢᠭ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠵᠠᠮ ᠤᠨ ᠡᠮᠦᠨ᠎ᠡ ᠬᠡᠰᠡᠭ ᠲᠤ ᠪᠠᠶᠢᠷᠢᠯᠠᠵᠤ᠂ 75 ᠮᠦ ᠲᠥᠷᠥᠯ  ᠵᠦᠢᠯ ᠤᠨ ᠭᠠᠵᠠᠷ ᠠᠪᠴᠤ᠂ ᠭᠤᠤᠯᠳᠠᠭᠤ ᠲᠦᠷᠭᠡᠨ ᠬᠦᠷᠭᠡᠬᠦ  ᠵᠦᠢᠯ ᠤᠨ ᠭᠠᠷᠠᠮ ᠢᠶᠠᠷ ᠣᠷᠣᠵᠤ ᠭᠠᠷᠬᠤ᠂ ᠪᠠᠷᠠᠭ᠎ᠠ ᠶᠢ ᠰᠠᠯᠭᠠᠨ ᠥᠭᠬᠦ᠂ ᠲᠥᠪᠯᠡᠷᠡᠭᠦᠯᠦᠨ ᠲᠠᠷᠬᠠᠭᠠᠬᠤ᠂ ᠡᠭᠦᠯᠡᠨ ᠬᠥᠮᠥᠷᠭᠡ ᠪᠠᠷ ᠭᠤᠤᠯ ᠪᠤᠯᠭᠠᠨ᠎ᠠ᠃ ᠨᠢᠭᠡ ᠬᠤᠲᠠ ᠶᠢᠨ ᠳᠣᠭᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠠᠯᠪᠠᠯᠠᠬᠤ  ᠠᠮᠢᠳᠤᠷᠠᠯ ᠢᠶᠠᠷ ᠬᠠᠪᠰᠤᠷᠤᠮᠵᠢ ᠪᠣᠯᠭᠠᠭᠰᠠᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠶᠡᠷᠦᠩᠬᠡᠶᠢᠯᠡᠭᠰᠡᠨ ᠴᠢᠨᠠᠷᠲᠠᠶ ᠳᠡᠭᠡᠳᠦ ᠲᠠᠰ ᠤᠨ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠤᠯᠤᠨ᠎ᠠ᠃ ᠣᠳᠣᠬᠠᠨ ᠳᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠰᠠᠭᠤᠳᠠᠯ  ᠲᠤᠯᠭᠠᠷᠠᠵᠤ᠂ ᠲᠥᠷᠥᠯ ᠵᠦᠢᠯ ᠤᠨ ᠪᠠᠷᠢᠯᠭ᠎ᠠ ᠪᠠᠷᠢᠬᠤ ᠠᠷᠭ᠎ᠠ ᠦᠭᠡᠢ ᠪᠣᠯᠵᠤ᠂ ᠡᠶᠢᠮᠦ ᠠᠴᠠ ᠲᠤᠭᠤᠷᠢᠭ ᠤᠨ ᠨᠠᠮ ᠤᠨ ᠬᠤᠷᠢᠶ᠎ᠠ ᠪᠣᠯᠤᠨ  ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠡᠨᠡ ᠬᠡᠰᠡᠭ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠶᠤ ᠬᠡᠷᠡᠭᠯᠡᠬᠦ ᠭᠠᠵᠠᠷ ᠢ  ᠲᠤᠬᠢᠷᠠᠭᠤᠯᠬᠤ ᠲᠥᠯᠥᠪᠵᠢᠭᠦᠯᠪᠡ ᠪᠣᠯᠭᠠᠨ ᠲᠣᠬᠢᠷᠠᠭᠤᠯᠵᠤ᠂ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠠᠵᠢᠯ ᠢ ᠡᠷᠲᠡᠬᠡᠨ ᠡᠬᠢᠯᠡᠭᠦᠯᠬᠦ ᠪᠤᠯᠭᠠᠨ᠎ᠠ᠃    ᠬᠤᠷᠴᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠲᠤᠭᠤᠷᠢᠭ ᠤᠨ ᠨᠠᠮ ᠤᠨ  ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠲᠤᠰ ᠵᠣᠷᠢᠯᠭ᠎ᠠ ᠶᠢᠨ ᠲᠤᠬᠠᠶ ᠴᠣᠬᠤᠯᠠᠪᠤᠷᠢ ᠶᠢ ᠣᠯᠤᠭᠰᠠᠨ ᠤ ᠳᠠᠷᠠᠭ᠎ᠠ᠂ 7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂  ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠢ ᠵᠢᠶᠠ  ᠭᠧᠩ ᠥᠪᠡᠷ ᠤᠨ ᠪᠡᠶ᠎ᠡ ᠪᠠᠷ ᠢᠶᠠᠨ ᠳᠠᠭᠠᠭᠤᠯᠤᠨ᠂ ᠭᠠᠵᠠᠷ ᠰᠢᠷᠤᠢ ᠶᠢᠨ ᠨᠥᠭᠡᠴᠡ ᠶᠢᠨ ᠲᠥᠪ᠂ ᠲᠥᠯᠥᠪᠵᠢᠭᠦᠯᠭᠡ ᠶᠢᠨ  ᠦᠢᠯᠡᠴᠢᠯᠡᠭᠡᠨ ᠤ ᠲᠥᠪ᠂ ᠲᠠᠷᠢᠶᠠᠯᠠᠩ ᠤᠨ ᠪᠠᠲᠤᠯᠭᠠᠨ ᠤ  ᠲᠠᠰᠤᠭ ᠵᠡᠷᠭᠡ ᠬᠠᠮᠢᠶ᠎ᠠ ᠪᠦᠬᠦᠢ ᠰᠠᠯᠠᠭ᠎ᠠ ᠲᠠᠰᠤᠭ ᠢ ᠳᠠᠭᠠᠭᠤᠯᠤᠨ ᠠᠬᠤᠶ ᠲᠠᠯᠠᠪᠠᠶ ᠳᠤ ᠬᠦᠷᠴᠦ ᠠᠵᠢᠯᠯᠠᠵᠠᠶ᠃ ᠪᠣᠳᠠᠲᠤ ᠪᠠᠶᠢᠳᠠᠯ ᠢ ᠦᠨᠳᠦᠰᠦᠯᠡᠨ ᠰᠢᠢᠳᠪᠦᠷᠢᠯᠡᠬᠦ ᠲᠥᠰᠦᠯ ᠲᠣᠭᠲᠠᠭᠠᠬᠤ ᠶᠢᠨ ᠬᠠᠮᠲᠤ ᠲᠤᠬᠢᠷᠠᠭᠤᠯᠤᠨ ᠪᠠᠶᠢᠷᠢᠯᠠᠭᠤᠯᠵᠤ᠂ ᠠᠯᠬᠤᠮ ᠠᠯᠬᠤᠮ ᠢᠶᠠᠷ ᠨᠠᠢᠳᠠᠪᠤᠷᠢᠵᠢᠭᠤᠯᠬᠤ᠂ ᠬᠠᠮᠤᠭ ᠤᠨ ᠥᠨᠳᠥᠷ ᠦᠷ᠎ᠡ ᠪᠦᠲᠦᠮᠵᠢ ᠪᠣᠯᠤᠨ ᠬᠠᠮᠤᠭ ᠤᠨ ᠲᠦᠷᠭᠡᠨ ᠬᠤᠷᠳᠤᠴᠠ ᠪᠠᠷ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ  ᠰᠢᠢᠳᠪᠦᠷᠢᠯᠡᠬᠦ ᠨᠢ ᠬᠤᠷᠴᠢᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠳᠤ  ᠢᠳᠡᠪᠬᠢᠲᠡᠢ ᠠᠬᠢᠭᠤᠯᠬᠤ  ᠦᠢᠯᠡᠳᠦᠯ‌ᠦᠵᠡᠭᠦᠯᠵᠡᠶ
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号