7 ᠰᠠᠷ᠎ᠠ ᠶᠢᠨ 23 ᠤ ᠡᠳᠦᠷ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ | ᠯᠢ ᠶᠠᠨ ᠷᠦ᠋ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠢᠩᠴᠧᠩ ᠰᠢᠶᠠᠨ ᠤ | ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠤᠳᠤᠷᠢᠳᠤᠯᠭ᠎ᠠ ᠶᠢ ᠳᠠᠭᠠᠭᠤᠯᠤᠨ ᠲᠦᠩᠯᠢᠶᠣᠤ ᠬᠤᠲᠠ ᠶᠢᠨ ᠬᠤᠷᠴᠢᠨ | ᠲᠣᠭᠤᠷᠢᠭ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠪᠠ ᠬᠤᠷᠴᠢᠨ ᠲᠤᠷᠰᠢᠯᠲᠠ ᠶᠢᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠪᠠ᠃ ᠲᠦᠩᠯᠢᠶᠣᠤ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠪᠠᠶ ᠢᠦᠶ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠨᠠᠷᠢᠨ ᠪᠢᠴᠢᠭ ᠤᠨ ᠳᠠᠷᠤᠭ᠎ᠠ ᠯᠢ ᠭᠦᠸᠧ ᠷᠦᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᡁᠢ | ᠵᠢᠶᠦ᠋ᠨ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠴᠢᠨ ᠯᠢᠩ ᠵᠡᠷᠭᠡ | ᠤᠳᠤᠷᠢᠳᠤᠯᠭ᠎ᠠ ᠪᠠᠷ᠎ᠠ ᠪᠣᠯᠪᠠ᠃ | ᠤᠯᠠᠭᠠᠨᠬᠠᠳᠠ ᠬᠤᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠶᠠᠷ ᠰᠤᠷᠭᠠᠭᠤᠯᠢ ᠶᠢᠨ ᠬᠤᠭᠤᠯᠠᠨ | ᠭᠡᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠪᠠᠶᠢᠳᠠᠯ ᠢ ᠭᠤᠣᠯᠳᠠᠯᠭ᠎ᠠ ᠲᠠᠢ | ᠲᠣᠭᠤᠷᠢᠨ ᠦᠵᠡᠵᠦ᠂ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠢ ᠲᠦᠷ ᠬᠠᠳᠠᠭᠠᠯᠠᠵᠤ ᠪᠠᠶᠢᠭ᠎ᠠ ᠬᠦᠢᠲᠡᠨ | ᠬᠥᠮᠥᠷᠭᠡ᠂ ᠲᠣᠭᠤᠭᠠᠨ ᠭᠡᠷ ᠢ ᠰᠢᠢᠳᠪᠦᠷᠢᠯᠡᠬᠦ ᠲᠠᠰᠤᠭ ᠪᠣᠯᠤᠨ ᠬᠠᠷᠠᠭᠠᠨ ᠳᠠᠪᠲᠠᠮᠵᠢ ᠶᠢ ᠬᠢᠨᠠᠨ ᠡᠵᠡᠮᠳᠡᠬᠦ ᠲᠠᠰᠤᠭ | ᠵᠡᠷᠭᠡ ᠶᠢ ᠲᠤᠭᠤᠷᠢᠨ ᠦᠵᠡᠵᠡᠶ᠃ ᠰᠤᠷᠤᠭᠴᠢᠳ ᠤᠨ ᠬᠢᠵᠢᠭ ᠤᠨ ᠪᠠᠶᠢᠳᠠᠯ ᠳᠠᠬᠢ ᠬᠤᠭᠤᠯᠠ ᠢᠳᠡᠭᠰᠡᠨ ᠪᠠᠶᠢᠳᠠᠯ᠂ | ᠢᠳᠡᠭᠡᠨ ᠤ ᠠᠮᠤᠷ ᠲᠦᠪᠰᠢᠨ ᠤ ᠪᠦᠬᠦ ᠶᠠᠪᠤᠴᠠ ᠶᠢᠨ ᠪᠠᠲᠤᠯᠠᠭ᠎ᠠ ᠵᠢᠴᠢ ᠬᠦᠢᠲᠡᠨ ᠢᠶᠠᠷ ᠲᠣᠬᠢᠷᠠᠭᠤᠯᠤᠨ ᠬᠦᠷᠭᠡᠬᠦ | ᠵᠠᠭᠪᠤᠷ᠂ ᠦᠢᠯᠡᠳᠬᠦᠨ ᠤ ᠦᠨ᠎ᠡ ᠬᠠᠩᠰᠢ ᠪᠣᠯᠤᠨ ᠢᠳᠡᠭᠡᠨ ᠤ ᠮᠠᠲ᠋ᠧᠷᠢᠶᠠᠯ ᠤᠨ ᠠᠮᠤᠷ ᠲᠦᠪᠰᠢᠨ ᠤ | ᠪᠠᠲᠤᠯᠠᠭ᠎ᠠ ᠶᠢᠨ ᠠᠷᠭ᠎ᠠ ᠬᠡᠮᠵᠢᠶ ᠡ ᠵᠡᠷᠭᠡ ᠶᠢ ᠨᠠᠷᠢᠨ ᠣᠶᠢᠯᠠᠭᠠᠪᠠ᠃ | ᠢᠳᠡᠭᠡᠨ ᠤ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ᠂ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ | ᠠᠷᠠᠳ ᠢᠷᠭᠡᠳ ᠤᠨ ᠬᠡᠪ ᠴᠢᠨᠠᠷ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠬᠤ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠷᠴᠢᠨ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ | ᠢᠳᠡᠭᠡᠨ ᠤ ᠠᠮᠤᠷ ᠲᠦᠪᠰᠢᠨ ᠤ ᠠᠵᠢᠯ ᠳᠤ ᠳᠤᠷᠠᠳᠤᠭᠰᠠᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ | ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ | ᠲᠡᠵᠢᠭᠡᠯ ᠡᠷᠡᠭᠦᠯ ᠮᠡᠨᠳᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠣᠯᠠᠨ ᠪᠠᠭᠰᠢ | ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠮᠲᠤᠪᠠᠷ ᠰᠠᠬᠢᠨ ᠬᠠᠮᠠᠭᠠᠯᠠᠨ᠎ᠠ᠃ | | |