ᠬᠤᠷᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠢᠳᠡᠪᠬᠢᠲᠡᠢ ᠲᠤᠤᠱᠯᠠᠭᠤᠯᠵᠤ᠂ ᠬᠤᠳᠠᠯᠳᠤᠭᠠᠴᠢᠨ ᠤᠷᠢᠵᠤ ᠬᠤᠳᠠᠯᠳᠤᠭᠠᠴᠢᠨ ᠣᠷᠣᠭᠤᠯᠵᠤ | ᠂ ᠬᠤᠷᠴᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠵᠠᠢ᠃ | ᠬᠤᠷᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠠᠽᠢᠶ᠎ᠠ ᠨᠣᠮᠣᠬᠠᠨ | ᠳᠠᠯᠠᠢ ᠳᠤᠯᠠᠭᠠᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ | ᠳᠠᠰᠤᠭ ᠲᠤ᠂ ᠡᠯ᠎ᠡ ᠦᠢᠯᠡᠳᠪᠦᠷᠢᠯᠡᠯ ᠤᠨ ᠲᠥᠬᠦᠭᠡᠷᠦᠮᠵᠢ ᠶᠢ ᠨᠢᠭᠡᠨᠲᠡ ᠤᠭᠰᠠᠷᠠᠵᠤ ᠲᠤᠷᠰᠢᠨ ᠲᠣᠬᠢᠷᠠᠭᠤᠯᠵᠤ | ᠳᠠᠭᠤᠰᠬᠠᠭᠠᠳ ᠦᠢᠯᠡᠳᠪᠦᠷᠢᠯᠡᠵᠦ ᠡᠬᠢᠯᠡᠪᠡ᠃ | ᠥᠪᠥᠷ ᠮᠣᠩᠭᠤᠯ ᠤᠨ ᠠᠽᠢᠶ᠎ᠠ ᠨᠣᠮᠣᠬᠠᠨ ᠳᠠᠯᠠᠢ ᠳᠤᠯᠠᠭᠠᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠡᠨᠡ ᠵᠢᠯ ᠤᠨ 3 ᠰᠠᠷ᠎ᠠ ᠳᠤ ᠬᠤᠷᠴᠢᠨ ᠲᠣᠭᠤᠷᠢᠭ ᠲᠤ ᠣᠷᠣᠵᠤ ᠰᠠᠭᠤᠪᠠ᠃ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 5000 ᠲᠦᠮᠡᠨ ᠲᠥᠭᠦᠷᠢᠭ᠂ ᠬᠤᠷᠴᠢᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ ᠰᠠᠯᠠᠭ᠎ᠠ ᠮᠥᠴᠢᠷ ᠤᠨ | ᠬᠠᠪᠰᠤᠷᠤᠯᠭ᠎ᠠ ᠪᠠᠷ ᠺᠣᠮᠫᠠᠨᠢ ᠣᠳᠣ ᠨᠢᠭᠡᠨᠲᠡ ᠤᠷᠤᠭᠰᠢᠲᠠᠶ ᠪᠠᠶᠢᠭᠤᠯᠤᠭᠳᠠᠨ ᠠᠰᠢᠭᠯᠠᠯᠲᠠ ᠳᠤ ᠣᠷᠣᠵᠠᠶ᠃ ᠠᠵᠤ | ᠠᠬᠤᠶᠢᠯᠠᠯ ᠤᠨ ᠵᠢᠯ ᠤᠨ ᠦᠢᠯᠡᠳᠭᠦᠨ ᠤ ᠥᠷᠲᠡᠭ ᠵᠢᠱᠢᠯᠲᠡ ᠪᠠᠷ 3 ᠠᠴᠠ 4 ᠳ᠋ᠦᠩᠰᠢᠭᠤᠷ ᠲᠥᠭᠦᠷᠢᠭ ᠪᠠᠶᠢᠵᠤ᠂ | ᠭᠠᠷᠤᠯᠲᠠ ᠨᠢ 200 ᠲᠦᠮᠡᠨ ᠮᠧᠲᠷ ᠪᠠᠶᠢᠵᠤ᠂ ᠭᠠᠶᠢᠯᠢ ᠶᠢᠨ ᠮᠥᠩᠭᠦ ᠨᠢ 2000 ᠭᠠᠷᠤᠶ ᠲᠦᠮᠡᠨ | ᠲᠥᠭᠦᠷᠢᠭ ᠲᠤ ᠬᠦᠷᠬᠦ ᠪᠣᠯᠤᠨ᠎ᠠ᠃ | ᠡᠨᠡ ᠵᠢᠯ ᠠᠴᠠ ᠨᠠᠰᠢ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ ᠠᠯᠪᠠᠨ ᠭᠡᠷ ᠬᠤᠳᠠᠯᠳᠤᠭᠠᠴᠢᠨ | ᠤᠷᠢᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠡᠶ᠃ ᠾᠧᠨᠠᠨ᠂ ᠱᠠᠨᠳᠦ᠋ᠩ ᠵᠡᠷᠭᠡ ᠭᠠᠵᠠᠷ ᠲᠤ ᠬᠦᠷᠴᠦ 7 ᠠᠵᠤ | ᠠᠬᠤᠶᠢᠯᠠᠯ ᠤᠨ ᠲᠥᠷᠥᠯ ᠵᠦᠢᠯ ᠲᠠᠢ ᠮᠥᠷᠳᠡᠨ ᠶᠠᠷᠢᠯᠴᠠᠵᠤ᠂ ᠲᠥᠷᠥᠯ ᠵᠦᠢᠯ ᠢ ᠬᠠᠪᠰᠤᠷᠤᠨ ᠡᠷᠦᠬᠡ ᠠᠮᠠ | ᠣᠷᠣᠭᠤᠯᠵᠤ ᠠᠰᠢᠭᠯᠠᠯᠲᠠ ᠳᠤ ᠣᠷᠣᠭᠤᠯᠪᠠ᠃ ᠳᠠᠷᠠᠭᠠᠴᠢ ᠶᠢᠨ ᠠᠯᠬᠤᠮ ᠳᠤ ᠬᠦᠷᠢᠶᠡᠯᠡᠩ ᠲᠣᠭᠤᠷᠢᠭ | ᠦᠷᠭᠦᠯᠵᠢᠯᠡᠨ ᠢᠳᠡᠪᠬᠢᠲᠡᠶ ᠦᠢᠯᠡᠳᠦᠯ ᠢᠶᠠᠨ ᠪᠠᠳᠠᠷᠠᠭᠤᠯᠵᠤ᠂ ᠭᠠᠳᠠᠭᠠᠳᠤ ᠳᠤ ᠢᠳᠡᠪᠬᠢᠲᠡᠶ ᠪᠠᠷ ᠮᠥᠷᠳᠡᠨ | ᠵᠥᠪᠳᠡᠯᠴᠡᠨ᠎ᠡ᠃ ᠡᠭᠦᠨ ᠤ ᠬᠠᠮᠲᠤ ᠬᠦᠷᠢᠶᠡᠯᠡᠩ ᠲᠣᠭᠤᠷᠢᠭ ᠤᠨ ᠣᠳᠣ ᠪᠠᠶᠢᠭ᠎ᠠ ᠠᠵᠤ ᠠᠬᠤᠶᠢᠯᠠᠯ ᠳᠤ ᠪᠠᠶᠢᠴᠠᠭᠠᠨ | ᠰᠤᠳᠤᠯᠤᠯᠲᠠ ᠬᠢᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠦᠷ᠎ᠡ ᠪᠦᠲᠦᠭᠡᠯ ᠢ ᠥᠷᠭᠡᠳᠬᠡᠵᠡᠶ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠰᠦᠯ ᠢ ᠨᠠᠩ ᠨᠠᠷᠢᠯᠢᠭ ᠰᠤᠳᠤᠯᠵᠤ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯᠯᠠᠭ᠎ᠠ ᠶᠢᠨ ᠨᠠᠩ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ |