ᠰᠢᠨ᠎ᠡ ᠴᠠᠭ ᠦᠶ᠎ᠡ ᠶᠢᠨ ᠲᠥᠪ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠱᠠᠭᠠᠷᠳᠠᠯᠭ᠎ᠠ ᠶᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ 7 ᠰᠠᠷ᠎ᠠ ᠶᠢᠨ 27 ᠤ ᠡᠳᠦᠷ᠂ ᠬᠤᠷᠴᠢᠨ ᠲᠣᠭᠤᠷᠢᠭ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ | ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠶ ᠾᠦᠢ ᠲᠤᠤ᠂ | ᠲᠤᠭᠤᠷᠢᠭ ᠤᠨ ᠤᠳᠤᠷᠢᠳᠤᠯᠭ᠎ᠠ ᠱᠤᠤ ᠶᠠᠨ ᠵᠢᠶᠦ᠋ᠨ᠂ ᠸᠠᠩ ᠪᠠᠢ ᠲᠤᠤ᠂ ᠶᠠᠩ ᠢᠦᠢ ᠴᠢ᠂ ᠾᠧ ᠴᠢᠩ ᠬᠠᠢ᠂ | ᠯᠢᠦ ᠰᠢᠶᠤᠤ ᠾᠦᠢ᠂ ᠯᠢᠦᠢ ᠴᠧᠨ ᠭᠤᠸᠠᠩ ᠨᠠᠷ ᠬᠤᠷᠠᠯ ᠳᠤ ᠣᠷᠣᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠢ ᠲᠦᠯᠬᠢᠨ ᠠᠬᠢᠭᠤᠯᠬᠤ ᠨᠢ ᠠᠷᠠᠳᠴᠢᠯᠠᠭᠰᠠᠨ ᠤᠯᠤᠰ ᠲᠥᠷᠥ ᠶᠢ ᠪᠡᠶᠡᠯᠡᠭᠦᠯᠬᠦ ᠳᠤ ᠠᠰᠢᠭᠲᠠᠢ ᠶᠤᠮ᠂ | ᠲᠥᠪ ᠭᠤᠤᠯᠴᠢ ᠪᠠᠷ ᠬᠠᠤᠯᠢ ᠪᠠᠷᠢᠬᠤ ᠨᠢ ᠨᠡᠶᠢᠭᠡᠮ ᠤᠨ ᠪᠣᠯᠪᠠᠰᠤᠨ ᠤ ᠲᠠᠪᠰᠢᠯᠳᠠ ᠳᠤ ᠨᠡᠩ ᠠᠰᠢᠭᠲᠠᠶ ᠶᠤᠮ᠃ | ᠢᠦᠶ ᠾᠦᠢ ᠲᠤᠤ ᠱᠠᠭᠠᠷᠳᠠᠭᠰᠠᠨ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ ᠬᠢᠨᠠᠵᠤ ᠥᠪᠡᠷ ᠢ ᠪᠠᠨ ᠪᠠᠶᠢᠴᠠᠭᠠᠬᠤ ᠠᠵᠢᠯ ᠢ ᠶᠡᠬᠡᠪᠡᠷ | ᠥᠷᠨᠢᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠶᠢ ᠠᠬᠢᠭᠤᠯᠬᠤ ᠬᠡᠷᠡᠭᠲᠡᠶ᠃ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠡᠷᠬᠡ ᠶᠢᠨ ᠨᠠᠷᠢᠨ | ᠲᠠᠩᠰᠠ ᠶᠢᠨ ᠬᠠᠮᠢᠶᠠᠷᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ | ᠬᠡᠷᠡᠭᠲᠡᠶ᠃ | ᠢᠦᠶ ᠾᠦᠢ ᠲᠤᠤ ᠴᠢᠬᠤᠯᠠᠴᠢᠯᠠᠭᠰᠠᠨ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠠᠬᠢᠭᠤᠯᠬᠤ ᠴᠠᠭ ᠪᠠᠴᠢᠮ᠂ ᠡᠭᠦᠷᠭᠡ ᠬᠦᠨᠳᠦ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠬᠠᠮᠳᠤᠷᠠᠨ | ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠴᠢᠳᠠᠯ ᠤᠨ ᠢᠶᠠᠨ | ᠬᠢᠷᠢ ᠪᠠᠷ ᠵᠢᠳᠬᠦᠵᠦ ᠰᠢᠮᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠤᠳ ᠰᠢᠮᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠵᠤ᠂ ᠬᠤᠷᠴᠢᠨ ᠲᠣᠭᠤᠷᠢᠭ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ |