ᠲᠦᠩᠯᠢᠶᠣᠤ ᠠᠴᠠ ᠪᠡᠭᠡᠵᠢᠩ ᠬᠦᠷᠬᠦ ᠳᠡᠭᠡᠳᠦ ᠬᠤᠷᠳᠣᠴᠡᠳᠣ ᠭᠠᠯᠲᠤ ᠲᠡᠷᠭᠡᠨ ᠤ ᠠᠩᠬ᠎ᠠ ᠲᠡᠷᠭᠡ ᠬᠦᠳᠡᠯᠬᠦ ᠶᠣᠰᠣᠯᠠᠯ ᠳᠤ ᠹᠧᠩ ᠢᠦᠢ ᠵᠧᠨ ᠭᠦᠸᠧ ᠢᠦᠢ ᠹᠧᠩ ᠣᠷᠣᠯᠴᠠᠪᠠ
ᠨᠡᠶᠢᠲᠡᠯᠡᠭᠰᠡᠨ ᠴᠠᠭ᠄
2021/1/25
   1 ᠰᠠᠷ᠎ᠠ ᠶᠢᠨ 22 ᠲᠤ᠂ ᠲᠦᠩᠯᠢᠶᠣᠤ ᠠᠴᠠ ᠪᠡᠭᠡᠵᠢᠩ ᠬᠦᠷᠬᠦ ᠳᠡᠭᠡᠳᠦ ᠬᠤᠷᠳᠣᠴᠠᠳᠣ ᠭᠠᠯᠲᠤ ᠲᠡᠷᠭᠡᠨ ᠤ ᠠᠩᠬ᠎ᠠ ᠲᠡᠷᠬᠡ ᠬᠦᠳᠡᠯᠬᠦ ᠶᠣᠰᠣᠯᠠᠯ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠹᠧᠩ ᠢᠦᠢ ᠵᠧᠨ᠂ ᠭᠦᠸᠧ ᠢᠦᠢ ᠹᠧᠩ᠂ ᠳ᠋ᠦ᠋ ᠬᠤᠶ ᠯᠢᠶᠠᠩ᠂ ᠯᠢᠶᠠᠩ ᡁᠢ ᠶᠤᠸᠠᠨ᠂ ᠴᠧᠨ ᠭᠤᠸᠠᠩ ᠯᠢ᠂ ᠸᠠᠩ ᠴᠢᠶᠦ᠋ᠩ᠂ ᠹᠠᠩ ᠢᠦᠢ ᠳ᠋ᠦᠩ᠂ ᠷᠣᠤ ᠴᠥᠩ ᠱᠤ᠋᠂ ᠵᠠᠩ ᠬᠤᠩ ᠹᠦ᠋᠂ ᠮᠠ ᠬᠤᠶ ᠵᠢᠶ᠂ ᠵᠣᠣ ᠪᠠᠶ ᠢᠦᠢ᠂ ᠵᠠᠩ ᠬᠠᠶ ᠹᠧᠩ᠂ ᠬᠤᠤ ᠮᠢᠩ ᠱᠧᠩ᠂ ᠯᠢ ᠶᠠᠨ ᠷᠦᠩ ᠨᠡᠷ ᠠᠩᠬᠠᠨ ᠤ ᠲᠡᠷᠭᠡ ᠬᠦᠳᠡᠯᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠹᠧᠩ ᠢᠦᠢ ᠵᠧᠨ ᠠᠴᠠ ᠲᠦᠩᠯᠢᠶᠣᠣ ᠠᠴᠠ ᠪᠡᠭᠡᠵᠢᠩ ᠬᠦᠷᠬᠦ ᠳᠡᠭᠡᠳᠦ ᠬᠤᠷᠳᠣᠴᠠᠳᠣ ᠲᠡᠮᠦᠷ ᠵᠠᠮ ᠤᠨ ᠭᠠᠯᠲᠤ ᠲᠡᠷᠭᠡ ᠬᠥᠳᠡᠯᠬᠦ ᠶᠢ ᠵᠠᠷᠯᠠᠪᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠤᠯᠠᠭᠴᠢ ᠬᠤᠲᠠ ᠶᠢᠨ ᠳᠠᠷᠤᠭ᠎ᠠ ᠭᠦᠸᠧ ᠢᠦᠢ ᠹᠧᠩ ᠶᠠᠷᠢᠶ᠎ᠠ ᠲᠠᠯᠪᠢᠵᠤ᠂ ᠳᠡᠳ᠋ ᠬᠤᠲᠠ ᠶᠢᠨ ᠳᠠᠷᠤᠭ᠎ᠠ ᠵᠠᠩ ᠬᠠᠢ ᠹᠧᠩ ᠶᠣᠰᠣᠯᠠᠯ ᠡᠷᠬᠢᠯᠡᠪᠡ᠃
ᠦᠳᠡ ᠶᠢᠨ ᠡᠮᠦᠨᠡᠬᠢ 7 ᠴᠠᠭ 30 ᠮᠢᠨᠦ᠋ᠲ ᠲᠤ ᠹᠧᠩ ᠢᠦᠶ ᠵᠧᠨ ᠲᠦᠩᠯᠢᠶᠣᠤ ᠠᠴᠠ ᠪᠡᠭᠡᠵᠢᠩ ᠬᠥᠷᠬᠦ ᠳᠡᠭᠡᠳᠦ ᠬᠤᠷᠳᠤᠴᠠᠲᠤ ᠭᠠᠯᠲᠤ ᠲᠡᠷᠭᠡ ᠬᠥᠳᠡᠯᠬᠦ ᠶᠢ ᠵᠠᠷᠯᠠᠪᠠ᠃ ᠪᠦᠷᠢᠶ᠎ᠡ ᠶᠢᠨ ᠳᠠᠭᠤᠨ G3662 ᠡᠭᠡᠯᠵᠢ ᠶᠢᠨ ᠭᠠᠯᠲᠤ ᠲᠡᠷᠭᠡ ᠲᠦᠩᠯᠢᠶᠣᠤ ᠦᠷᠲᠡᠭᠡ ᠠᠴᠠ ᠭᠠᠷᠴᠤ ᠪᠡᠭᠡᠵᠢᠩ ᠵᠦᠭ ᠮᠣᠷᠳᠠᠪᠠ᠃
 ᠣᠶᠢᠯᠠᠭᠠᠭᠰᠠᠨ ᠢᠶᠠᠷ᠂ ᠲᠦᠩᠯᠢᠶᠣᠤ ᠠᠴᠠ ᠪᠡᠭᠡᠵᠢᠩ ᠤᠨ ᠴᠤᠤᠶᠠᠩ ᠬᠥᠷᠬᠦ G3662 ᠡᠭᠡᠯᠵᠢ ᠶᠢᠨ ᠭᠠᠯᠲᠤ ᠲᠡᠷᠭᠡ 7 ᠴᠠᠭ 30 ᠮᠢᠨᠦ᠋ᠲ ᠲᠤ ᠲᠦᠩᠯᠢᠶᠣᠤ ᠥᠷᠲᠡᠭᠡ ᠠᠴᠠ ᠭᠠᠷᠴᠣ᠂ 11 ᠴᠠᠭ 19 ᠮᠢᠨᠦ᠋ᠲ ᠲᠤ ᠪᠡᠭᠡᠵᠢᠩ ᠤᠨ ᠴᠤᠤᠶᠠᠩ ᠥᠷᠲᠡᠭᠡ ᠳᠤ ᠬᠦᠷᠦᠨ᠎ᠡ᠂ ᠪᠦᠬᠦ ᠶᠠᠪᠣᠴᠠ ᠳᠤ 3 ᠴᠠᠭ 49 ᠮᠢᠨᠦ᠋ᠲ ᠬᠡᠷᠡᠭᠰᠡᠨ᠎ᠡ᠃ 1 ᠰᠠᠷ᠎ᠠ ᠶᠢᠨ 23 ᠠᠴᠠ ᠡᠬᠢᠯᠡᠵᠦ ᠪᠡᠭᠡᠵᠢᠩ ᠤᠨ ᠴᠤᠤᠶᠠᠩ ᠥᠷᠲᠡᠭᠡ ᠠᠴᠠ ᠲᠦᠩᠯᠢᠶᠣᠤ ᠬᠥᠷᠬᠦ G3661 ᠡᠭᠡᠯᠵᠢ ᠶᠢᠨ ᠭᠠᠯᠲᠤ ᠲᠡᠷᠭᠡ 7 ᠴᠠᠭ 47 ᠮᠢᠨᠦ᠋ᠲ ᠲᠤ ᠪᠡᠭᠡᠵᠢᠩ ᠤᠨ ᠴᠤᠤᠶᠠᠩ ᠥᠷᠲᠡᠭᠡ ᠠᠴᠠ ᠬᠦᠳᠡᠯᠵᠦ᠂ 11 ᠴᠠᠭ 44 ᠮᠢᠨᠦ᠋ᠲ ᠲᠤ ᠲᠦᠩᠯᠢᠶᠣᠤ ᠥᠷᠲᠡᠭᠡ ᠳᠤ ᠢᠷᠡᠵᠦ᠂ ᠪᠦᠬᠦ ᠶᠠᠪᠣᠴᠠ ᠳᠤ 3 ᠴᠠᠭ 57 ᠮᠢᠨᠦ᠋ᠲ ᠬᠡᠷᠡᠭᠰᠡᠨ᠎ᠡ᠃ ᠲᠦᠩᠯᠢᠶᠣᠤ ᠠᠴᠠ ᠪᠡᠭᠡᠵᠢᠩ ᠤᠨ ᠴᠤᠤᠶᠠᠩ ᠥᠷᠲᠡᠭᠡ ᠬᠥᠷᠬᠦ G3662 ᠡᠭᠡᠯᠵᠢ ᠶᠢᠨ ᠭᠠᠯᠲᠤ ᠲᠡᠷᠭᠡᠨ ᠤ ᠬᠤᠶᠠᠳᠤᠭᠠᠷ ᠳᠡᠰ ᠤᠨ ᠰᠠᠭᠤᠳᠠᠯ ᠤᠨ ᠪᠢᠯᠧᠲ ᠤᠨ ᠦᠨ᠎ᠡ ᠨᠢ 375 ᠲᠥᠭᠦᠷᠢᠭ᠂ ᠨᠢᠭᠡᠳᠦᠭᠡᠷ ᠳᠡᠰ ᠤᠨ ᠰᠠᠭᠤᠳᠠᠯ ᠤᠨ ᠪᠢᠯᠧᠲ ᠤᠨ ᠦᠨ᠎ᠡ ᠨᠢ 601 ᠲᠥᠭᠦᠷᠢᠭ᠃ ᠪᠡᠭᠡᠵᠢᠩ ᠤᠨ ᠴᠤᠤᠶᠠᠩ ᠥᠷᠲᠡᠭᠡ ᠠᠴᠠ ᠲᠦᠩᠯᠢᠶᠣᠤ ᠬᠥᠷᠬᠦ G3661 ᠡᠭᠡᠯᠵᠢ ᠶᠢᠨ ᠭᠠᠯᠲᠤ ᠲᠡᠷᠭᠡᠨ ᠤ ᠬᠤᠶᠠᠳᠤᠭᠠᠷ ᠳᠡᠰ ᠤᠨ ᠰᠠᠭᠤᠳᠠᠯ ᠤᠨ ᠪᠢᠯᠧᠲ ᠤᠨ ᠦᠨ᠎ᠡ ᠨᠢ 333 ᠲᠥᠭᠦᠷᠢᠭ ᠨᠢᠭᠡᠳᠦᠭᠡᠷ ᠳᠡᠰ ᠤᠨ ᠰᠠᠭᠤᠳᠠᠯ ᠤᠨ ᠪᠢᠯᠧᠲ ᠤᠨ ᠦᠨ᠎ᠡ ᠨᠢ 534 ᠲᠥᠭᠦᠷᠢᠭ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠭᠠᠯᠲᠤ ᠲᠡᠷᠭᠡ ᠲᠦᠷ ᠴᠠᠭ ᠨᠡᠪᠲᠡᠷᠡᠵᠦ᠂ ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢ ᠦᠵᠡᠵᠦ ᠴᠠᠭ ᠲᠤᠬᠠᠶ ᠳᠤᠨᠢ ᠨᠡᠮᠡᠭᠳᠡᠭᠦᠯᠦᠨ᠎ᠡ᠃
 ᠲᠦᠩᠯᠢᠶᠣᠤ ᠬᠤᠲᠠ ᠪᠥᠬᠦ ᠤᠯᠤᠰ ᠤᠨ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠤᠭᠰᠠᠨ ᠤ ᠬᠤᠪᠢ ᠳᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠳᠡᠭᠡᠳᠦ ᠬᠤᠷᠳᠤᠴᠠᠲᠤ ᠲᠡᠮᠦᠷ ᠵᠠᠮ ᠤᠨ ᠱᠤᠭᠤᠮ ᠤᠨ ᠬᠤᠷᠳᠤᠴᠠ ᠶᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ ᠤᠨ ᠲᠡᠮᠦᠷ ᠵᠠᠮ ᠤᠨ ᠮᠦᠭᠳᠡᠨ ᠤ ᠲᠣᠪᠴᠢᠶ᠎ᠠ ᠶᠢᠨ ᠪᠦᠯᠦᠭᠯᠡᠯ ᠤᠨ ᠬᠦᠴᠦᠲᠡᠶ ᠳᠡᠮᠵᠢᠯᠭᠡ ᠳᠣᠤᠷ᠎ᠠ ᠪᠥᠬᠦ ᠬᠤᠲᠠ ᠶᠢᠨ ᠳᠡᠭᠡᠳᠦ ᠬᠤᠷᠳᠤᠴᠠᠲᠤ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠣᠷᠳᠣ 92 ᠺᠢᠯᠣᠮᠧᠳ᠋ᠷ᠂ 20 ᠬᠤᠲᠠ ᠳᠤ ᠨᠡᠪᠳᠡᠷᠡᠵᠦ᠂ ᠡᠨᠡ ᠬᠤᠶᠠᠷ ᠲᠤᠭ᠎ᠠ ᠪᠠᠷᠢᠮᠲᠠ ᠴᠥᠮ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠭᠰᠠᠨ ᠪᠠᠶᠢᠨ᠎ᠠ᠃ ᠣᠨᠴᠠᠭᠠᠶᠢᠯᠠᠨ 2018 ᠣᠨ ᠤ 12 ᠰᠠᠷ᠎ᠠ ᠶᠢᠨ 29 ᠳᠤ ᠲᠦᠩᠯᠢᠶᠣᠤ ᠠᠴᠠ ᠪᠡᠭᠡᠵᠢᠩ ᠮᠦᠭᠳᠡᠨ ᠬᠥᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠰᠢᠨ ᠮᠢᠨ ᠬᠤᠶᠢᠲᠤ ᠥᠷᠲᠡᠭᠡ ᠶᠢᠨ ᠲᠡᠮᠦᠷ ᠵᠠᠮ ᠲᠡᠷᠭᠡ ᠨᠡᠪᠲᠡᠷᠡᠭᠰᠡᠨ ᠶᠠᠪᠤᠳᠠᠯ ᠨᠢ ᠪᠥᠬᠦ ᠣᠷᠣᠨ ᠤ ᠠᠩᠬᠠᠳᠠᠭᠴᠢ ᠪᠥᠬᠦ ᠤᠯᠤᠰ ᠤᠨ ᠨᠠᠢᠮᠠᠨ ᠬᠥᠨᠳᠡᠯᠡᠨ ᠨᠠᠢᠮᠠᠨ ᠴᠤᠪᠤᠭ᠎ᠠ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠢ ᠬᠤᠯᠪᠣᠵᠣ᠂ ᠣᠷᠣᠨ ᠠᠴᠠ ᠭᠠᠷᠤᠭᠰᠠᠨ ᠳᠡᠭᠡᠳᠦ ᠬᠤᠷᠳᠤᠴᠠᠲᠤ ᠲᠡᠮᠦᠷ ᠵᠠᠮ ᠪᠣᠯᠤᠭᠰᠠᠨ ᠪᠠᠶᠢᠨ᠎ᠠ ᠂ ᠡᠨᠡ ᠨᠢ ᠲᠦᠩᠯᠢᠶᠣᠤ ᠬᠤᠲᠠ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠬᠠᠮᠤᠭ ᠤᠨ ᠲᠦᠷᠦᠭᠦᠨ ᠳᠤ ︽ᠳᠡᠭᠡᠳᠦ ᠬᠤᠷᠳᠤᠴᠠᠲᠤ ᠲᠡᠮᠦᠷ ᠵᠠᠮ ᠤᠨ ᠴᠠᠭ ᠦᠶ᠎ᠡ︾ ᠳᠤ ᠤᠷᠤᠭᠰᠠᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠲᠥᠩᠯᠢᠶᠤᠤ ᠬᠤᠲᠠ ᠶᠢᠨ ᠵᠠᠰᠠᠭ ᠤᠨ ᠤᠷᠳᠤᠨ  ᠤ ᠡᠭᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号