ᠥᠷᠭᠡᠨ ᠣᠯᠠᠨ ᠬᠤᠲᠠ ᠶᠢᠨ ᠠᠷᠠᠳ ᠲᠤ᠄ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ᠂ ᠬᠤᠷᠴᠢᠨ ᠲᠣᠭᠤᠷᠢᠭ | ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠶᠢᠭᠡᠮ ᠤᠨ ᠪᠣᠯᠪᠠᠰᠤᠨ ᠤ ᠣᠷᠴᠢᠨ ᠲᠣᠭᠤᠷᠢᠨ ᠢ | ᠪᠠᠶᠢᠭᠤᠯᠬᠤ ᠠᠴᠠ ᠰᠠᠯᠵᠤ ᠴᠢᠳᠠᠬᠤ ᠦᠭᠡᠢ᠂ ᠨᠡᠩ ᠴᠤ ᠥᠷᠭᠡᠨ ᠤᠯᠠᠨ ᠠᠷᠠᠳ ᠲᠦᠮᠡᠨ ᠤ ᠦᠢᠯᠡᠳᠦᠯᠭᠡ ᠳᠤ | ᠣᠷᠣᠯᠴᠠᠬᠤ ᠠᠴᠠ ᠰᠠᠯᠵᠤ ᠴᠢᠳᠠᠬᠤ ᠦᠭᠡᠢ ᠶᠤᠮ᠃ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ | ᠪᠢᠳᠡᠨ ᠢ ᠪᠣᠯᠪᠠᠰᠤᠨ᠂ ᠡᠷᠡᠭᠦᠯ ᠬᠠᠮᠠᠭᠠᠯᠠᠯ᠂ ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠵᠣᠯ ᠵᠢᠷᠭᠠᠯ ᠲᠠᠢ ᠴᠠᠭᠠᠨ | ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠮᠠᠨ ᠤ ᠬᠤᠲᠠ ᠪᠠᠨ ᠨᠠᠩ ᠪᠣᠯᠪᠠᠰᠤᠨ᠂ ᠬᠡᠷ ᠣᠷᠣᠨ ᠢᠶᠠᠨ ᠨᠠᠩ | ᠦᠵᠡᠰᠬᠦᠯᠡᠩᠲᠦ ᠰᠠᠶᠢᠬᠠᠨ᠂ ᠠᠮᠢᠳᠤᠷᠠᠯ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠬᠤ ᠶᠢᠨ ᠲᠥᠯᠥᠭᠡ᠂ ᠪᠢᠳᠡ | ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠨᠢᠭᠡ᠂ ᠦᠭᠡ ᠶᠠᠷᠢᠶ᠎ᠠ ᠦᠢᠯᠡ ᠠᠵᠢᠯᠯᠠᠭ᠎ᠠ ᠪᠣᠯᠪᠠᠰᠤᠨ ᠪᠠᠶᠢᠬᠤ ᠶᠢ ᠡᠷᠬᠢᠮᠯᠡᠬᠦ ᠬᠡᠷᠡᠭᠲᠡᠢ᠃ ᠳᠤᠷ᠎ᠠ ᠪᠠᠷ | ᠨᠤᠯᠮᠤᠬᠤ ᠦᠭᠡᠢ᠂ ᠲᠠᠮᠠᠬᠢᠨ ᠲᠣᠯᠣᠭᠠᠢ ᠴᠠᠭᠠᠰᠤᠨ ᠦᠷᠦᠪᠳᠡᠰᠦ ᠪᠠᠨ ᠳᠤᠷ᠎ᠠ ᠪᠠᠷ ᠬᠠᠶᠠᠬᠤ ᠦᠭᠡᠢ᠂ ᠲᠡᠷᠭᠡᠨ | ᠴᠣᠩᠬᠤ ᠪᠠᠷ ᠶᠠᠭᠤᠮ᠎ᠠ ᠰᠢᠳᠡᠬᠦ ᠦᠭᠡᠢ᠂ ᠬᠡᠷᠡᠰᠬᠡ ᠳᠠᠪᠠᠭ᠋ᠤ ᠦᠭᠡᠢ᠂ ᠡᠮᠬᠢ ᠵᠢᠷᠤᠮ ᠦᠭᠡᠢ ᠪᠠᠷ ᠲᠡᠷᠭᠡᠨ ᠳᠤ | ᠰᠠᠭᠤᠬᠤ ᠦᠭᠡᠢ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠤᠸᠠᠷ ᠴᠡᠴᠡᠭ ᠡᠪᠡᠰᠦ ᠮᠣᠳᠣ ᠶᠢ ᠡᠪᠳᠡᠬᠦ ᠦᠭᠡᠢ᠂ | ᠤᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠦᠭᠡᠢ ᠪᠠ ᠦᠢᠮᠡᠭᠡᠨ ᠳᠡᠪᠵᠢᠶᠡᠨ ᠭᠠᠷᠭᠠᠬᠤ ᠦᠭᠡᠢ᠃ | ᠬᠤᠶᠠᠷ᠂ ᠤᠯᠠᠨ ᠨᠡᠶᠢᠲᠡ ᠶᠢᠨ ᠲᠠᠯᠠᠪᠤᠷ ᠲᠤ ᠪᠣᠯᠪᠠᠰᠤᠨ ᠢ ᠡᠷᠬᠢᠮᠯᠡᠬᠦ ᠬᠡᠷᠡᠭᠲᠡᠢ᠃ ᠣᠷᠴᠢᠨ ᠲᠣᠭᠤᠷᠢᠨ ᠢ | ᠬᠠᠶᠢᠷᠠᠯᠠᠨ ᠬᠠᠮᠠᠭᠠᠯᠠᠵᠤ᠂ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠵᠤ᠂ ᠬᠤᠭ ᠨᠣᠪᠰᠢ ᠶᠢ ᠳᠤᠷ᠎ᠠ ᠪᠠᠷ | ᠬᠠᠶᠠᠬᠤ ᠦᠭᠡᠶ᠂ ᠣᠯᠠᠨ ᠨᠡᠶᠢᠲᠡ ᠶᠢᠨ ᠪᠡᠯᠡᠳᠬᠡᠮᠵᠢ ᠶᠢ ᠡᠪᠳᠡᠬᠦ ᠦᠭᠡᠶ᠂ ᠳᠤᠷ᠎ᠠ ᠪᠠᠷ ᠢᠶᠠᠨ ᠣᠪᠣᠭᠠᠯᠠᠨ ᠲᠠᠯᠪᠢᠬᠤ | ᠦᠭᠡᠶ᠂ ᠣᠯᠠᠨ ᠨᠡᠶᠢᠲᠡ ᠶᠢᠨ ᠲᠠᠯᠠᠪᠤᠷ ᠢ ᠡᠵᠡᠯᠡᠨ ᠬᠡᠷᠡᠭᠯᠡᠬᠦ ᠦᠭᠡᠶ ᠪᠠᠶᠢᠵᠤ᠂ ᠨᠡᠶᠢᠲᠡ ᠶᠢᠨ ᠳ᠋ᠢᠶᠠᠩᠬᠤᠸᠠ᠂ | ᠰᠢᠦᠳᠠᠨ ᠤ ᠬᠠᠶᠢᠷᠴᠠᠭ᠂ ᠰᠣᠨᠢᠨ ᠤ ᠪᠤᠯᠤᠩ᠂ ᠰᠠᠭᠤᠳᠠᠯ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢ ᠨᠢᠮᠪᠠᠶ | ᠬᠠᠮᠠᠭᠠᠯᠠᠬᠤ ᠬᠡᠷᠡᠭᠲᠡᠶ᠂ ᠴᠠᠭᠠᠨ ᠪᠣᠬᠢᠷᠲᠤᠯ ᠢ ᠬᠢᠵᠠᠭᠠᠷᠯᠠᠵᠤ᠂ ᠰᠦᠯᠢᠶᠣᠣ ᠤᠭᠤᠲᠠ ᠬᠡᠷᠡᠭᠯᠡᠬᠦ ᠶᠢ ᠪᠠᠭᠠᠰᠬᠠᠵᠤ᠂ | ᠪᠠᠷᠠᠭ᠎ᠠ ᠬᠤᠳᠠᠯᠳᠤᠨ ᠠᠪᠬᠤ ᠳᠤ ᠪᠡᠶ᠎ᠡ ᠳᠡᠭᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ ᠠᠪᠴᠤ | ᠶᠠᠪᠤᠬᠤ ᠬᠡᠷᠡᠭᠲᠡᠶ᠂ ᠣᠯᠠᠨ ᠨᠡᠶᠢᠲᠡ ᠶᠢᠨ ᠲᠠᠯᠠᠪᠤᠷ ᠲᠤ ᠳᠤᠷ᠎ᠠ ᠪᠠᠷ ᠶᠠᠭᠤᠮ᠎ᠠ ᠬᠠᠶᠠᠬᠤ ᠦᠭᠡᠢ᠂ ᠬᠡᠷᠡᠯᠳᠦᠬᠦ ᠦᠭᠡᠢ | ᠂ ᠵᠣᠳᠣᠯᠳᠤᠬᠤ ᠦᠭᠡᠢ᠂ ᠺᠢᠨᠣ᠋ ᠵᠦᠴᠦᠭᠡ ᠶᠢᠨ ᠲᠢᠶᠠᠳ᠋ᠷ᠂ ᠨᠣᠮ ᠤᠨ ᠰᠠᠩ᠂ ᠨᠠᠭᠠᠳᠤᠮ ᠤᠨ ᠭᠠᠵᠠᠷ ᠵᠡᠷᠭᠡ ᠭᠠᠵᠠᠷ | ᠲᠤ ᠨᠠᠮ ᠵᠢᠮ᠂ ᠪᠣᠯᠪᠠᠰᠤᠨ ᠪᠠᠶᠢᠵᠤ᠂ ᠶᠡᠭᠡ ᠳᠠᠭᠤᠨ ᠢᠶᠠᠷ ᠦᠭᠡ ᠶᠠᠷᠢᠬᠤ ᠦᠭᠡᠢ᠃ | ᠭᠤᠷᠪᠠ᠂ ᠵᠠᠮ ᠬᠠᠷᠢᠯᠴᠠᠭᠠᠨ ᠤ ᠡᠮᠬᠢ ᠳᠢᠭᠯᠢᠮ ᠳᠤ ᠪᠣᠯᠪᠠᠰᠤᠨ ᠢ ᠡᠷᠬᠢᠮᠯᠡᠬᠦ ᠬᠡᠷᠡᠭᠲᠡᠶ᠃ ᠲᠡᠷᠭᠡ ᠬᠥᠰᠬᠡ ᠶᠢᠨ | ᠵᠣᠭᠰᠣᠭᠠᠯ ᠣᠨ ᠠᠶᠤᠯᠭᠦᠶ ᠳᠦᠷᠢᠮᠵᠢᠯ᠂ ᠤᠯᠠᠨ ᠨᠡᠶᠢᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠵᠤ᠂ | ᠮᠠᠰᠢᠨᠲᠤ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠳᠤᠭᠤᠢ ᠲᠡᠷᠭᠡ ᠵᠡᠷᠭᠡ ᠶᠢ ᠳᠤᠷ᠎ᠠ ᠪᠠᠷ ᠢᠶᠠᠨ | ᠵᠣᠭᠰᠣᠭᠠᠬᠤ ᠦᠭᠡᠢ ᠳᠤᠷ᠎ᠠ ᠪᠠᠷ ᠢᠶᠠᠨ ᠲᠠᠯᠪᠢᠬᠤ ᠦᠭᠡᠢ᠂ ᠤᠯᠠᠭᠠᠨ ᠳ᠋ᠧᠩ ᠢ ᠵᠥᠷᠢᠴᠡᠬᠦ ᠦᠭᠡᠢ᠂ ᠵᠠᠰᠠᠮᠠᠯ ᠵᠠᠮ ᠢ | ᠳᠤᠷ᠎ᠠ ᠪᠠᠷ ᠢᠶᠠᠨ ᠭᠡᠲᠡᠯᠡᠬᠦ ᠦᠭᠡᠢ ᠪᠠᠶᠢᠬᠤ ᠬᠡᠷᠡᠭᠲᠡᠢ᠂ ᠨᠡᠢᠲᠡ ᠶᠢᠨ ᠮᠠᠰᠢᠨ ᠳᠤ ᠰᠠᠭᠤᠬᠤ ᠳᠤ ᠤᠬᠠᠮᠰᠠᠷ ᠠᠴᠠ | ᠪᠠᠨ ᠮᠥᠷᠯᠡᠵᠦ᠂ ᠳᠡᠰ ᠳᠠᠷᠠᠭᠠᠯᠠᠨ ᠲᠡᠷᠭᠡᠨ ᠠᠴᠠ ᠪᠠᠭᠤᠬᠤ ᠬᠡᠷᠡᠭᠲᠡᠶ᠂ ᠲᠡᠷᠭᠡ ᠬᠥᠰᠬᠡ᠂ ᠶᠠᠪᠠᠭᠠᠨ ᠬᠥᠮᠦᠨ | ᠥᠪᠡᠷ ᠥᠪᠡᠷ ᠤᠨ ᠵᠠᠮ ᠢᠶᠠᠷ ᠢᠶᠠᠨ ᠶᠠᠪᠤᠬᠤ᠂ ᠵᠠᠮ ᠬᠠᠷᠢᠯᠴᠠᠭᠠᠨ ᠤ ᠥᠷᠲᠡᠭᠡ ᠳᠤ ᠡᠮᠬᠢ ᠳᠢᠭᠯᠢᠮ ᠢ ᠰᠠᠬᠢᠵᠤ᠂ | ᠮᠥᠷᠯᠡᠨ ᠲᠡᠷᠭᠡ ᠬᠦᠯᠢᠶᠡᠵᠦ᠂ ᠳᠡᠰ ᠳᠠᠷᠠᠭ᠎ᠠ ᠲᠠᠢ ᠪᠠᠷ ᠲᠡᠷᠭᠡᠨ ᠠᠴᠠ ᠪᠠᠭᠤᠨ᠎ᠠ᠂᠂ᠵᠠᠮ ᠬᠠᠷᠢᠯᠴᠠᠭᠠᠨ ᠤ | ᠴᠠᠭᠳᠠᠭ᠎ᠠ ᠶᠢᠨ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃ | ᠲᠦᠷᠪᠡ᠂ ᠬᠥᠮᠦᠰ ᠤᠨ ᠬᠤᠭᠤᠷᠣᠨᠳᠣᠬᠢ ᠬᠠᠪᠰᠤᠷᠤᠯᠴᠠᠭ᠎ᠠ ᠳᠤ ᠪᠣᠯᠪᠠᠰᠤᠨ ᠢ ᠡᠷᠬᠢᠮᠯᠡᠬᠦ᠃ ᠡᠶ᠎ᠡ ᠵᠣᠬᠢᠴᠠᠯ | ᠲᠠᠢ ᠬᠥᠮᠦᠰ ᠤᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠬᠥᠮᠦᠨ ᠳᠤ ᠲᠤᠰᠠ ᠬᠢᠬᠦ᠂ ᠬᠠᠷᠢᠯᠴᠠᠨ | ᠬᠠᠪᠰᠤᠷᠤᠯᠴᠠᠬᠤ᠂ ᠬᠠᠷᠢᠯᠴᠠᠨ ᠠᠭᠤᠴᠢᠯᠠᠬᠤ᠂ ᠬᠠᠶᠢᠷ᠎ᠠ ᠬᠠᠯᠠᠮᠵᠢ ᠶᠢ ᠡᠷᠬᠢᠮᠯᠡᠬᠦ ᠶᠢ ᠪᠡᠶᠡᠯᠡᠭᠦᠯᠬᠦ ᠬᠡᠷᠡᠭᠲᠡᠢ᠃ | ᠨᠠᠰᠤᠲᠠᠶᠢᠴᠤᠳ ᠪᠠ ᠡᠮᠡᠭᠲᠡᠶᠢᠴᠦᠳ ᠲᠤ ᠰᠠᠶᠢᠨ ᠢᠶᠠᠷ ᠬᠠᠨᠳᠤᠵᠤ᠂ ᠵᠡᠮᠳᠡᠭᠴᠦᠳ ᠪᠠ ᠬᠡᠦᠬᠡᠳ ᠢ ᠬᠠᠯᠠᠮᠵᠢᠯᠠᠵᠤ᠂ | ᠥᠨᠥᠴᠢᠨ᠂ ᠬᠥᠭᠰᠢᠨ᠂ ᠵᠡᠮᠳᠡᠭ᠂ ᠪᠠᠭᠤᠷᠠᠶ ᠶᠢ ᠬᠠᠯᠠᠮᠵᠢᠯᠠᠨ᠎ᠠ᠃ ᠶᠠᠳᠠᠭᠤ ᠶᠢ ᠲᠡᠳᠬᠦᠬᠦ ᠳᠤ ᠢᠳᠡᠪᠬᠢᠲᠡᠢ | ᠣᠷᠣᠯᠴᠠᠵᠤ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠨ᠎ᠠ᠃ ᠡᠶ᠎ᠡ ᠵᠣᠬᠢᠴᠠᠯ ᠲᠠᠢ ᠭᠡᠷ ᠪᠦᠯᠢ ᠶᠢᠨ | ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠨᠥᠬᠦᠷᠰᠡᠭ ᠢᠶᠠᠷ ᠭᠠᠳᠠᠨ᠎ᠠ ᠠᠴᠠ ᠢᠷᠡᠭᠰᠡᠨ ᠬᠥᠮᠦᠰ ᠲᠤ ᠬᠠᠨᠳᠤᠵᠤ᠂ | ᠬᠠᠯᠠᠭᠤᠮᠰᠤᠭ ᠢᠶᠠᠷ ᠵᠠᠮ ᠵᠢᠭᠠᠵᠤ᠂ ᠲᠠᠨᠢᠬᠤ ᠦᠭᠡᠢ ᠬᠥᠮᠦᠨ ᠤ ᠠᠰᠠᠭᠤᠯᠲᠠ ᠶᠢ ᠬᠠᠷᠢᠭᠤᠯᠤᠨ᠎ᠠ᠃ | ᠲᠠᠪᠤ᠂ ᠠᠵᠢᠯ ᠮᠡᠷᠭᠡᠵᠢᠯ ᠤᠨ ᠶᠣᠰᠣ ᠮᠣᠷᠠᠯ ᠳᠤ ᠪᠣᠯᠪᠠᠰᠤᠨ ᠢ ᠡᠷᠬᠢᠮᠯᠡᠬᠦ᠃ ᠠᠯᠪᠠᠨ ᠬᠠᠭᠠᠭᠴᠢᠳ ᠦᠵᠡᠯ | ᠰᠤᠷᠲᠠᠯ ᠢᠶᠠᠨ ᠴᠢᠷᠮᠠᠶᠢᠨ ᠰᠠᠶᠢᠵᠢᠷᠠᠭᠤᠯᠵᠤ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ | ᠠᠷᠠᠳ ᠤᠨ ᠠᠯᠪᠠᠨ ᠵᠠᠷᠤᠴᠠ ᠪᠣᠯᠬᠤ ᠬᠡᠷᠡᠭᠲᠡᠢ᠃ ᠬᠤᠳᠠᠯᠳᠤᠭ᠎ᠠ ᠡᠷᠬᠢᠯᠡᠭᠴᠢᠳ ᠦᠨᠡᠨᠴᠢ ᠢᠲᠡᠭᠡᠮᠵᠢᠲᠡᠢ ᠪᠠᠶᠢᠬᠤ | ᠶᠢ ᠤᠬᠠᠮᠰᠠᠷ ᠠᠴᠠ ᠪᠠᠨ ᠪᠠᠷᠢᠮᠲᠠᠯᠠᠵᠤ᠂ ᠦᠨᠡᠨᠴᠢ ᠰᠢᠳᠤᠷᠭᠤ ᠪᠠᠷ ᠦᠢᠯᠡᠰ ᠢᠶᠠᠨ ᠮᠠᠨᠳᠤᠭᠤᠯᠬᠤ ᠬᠡᠷᠡᠭᠲᠡᠢ᠃ ᠠᠵᠤ | ᠠᠬᠤᠶᠢᠯᠠᠯ ᠤᠨ ᠠᠵᠢᠯᠳᠠᠨ ᠠᠵᠢᠯᠴᠢᠨ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ | ᠦᠷᠳᠡᠭ ᠤᠨ ᠪᠠᠷᠢᠮᠵᠢᠶ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ 《 ᠦᠨᠡᠨᠴᠢ ᠢᠲᠡᠭᠡᠮᠵᠢᠲᠡᠢ ᠪᠠᠶᠢᠬᠤ᠂ | ᠠᠵᠢᠯ ᠦᠢᠯᠡᠰ ᠢᠶᠠᠨ ᠳᠡᠭᠡᠳᠦᠯᠡᠬᠦ 》 ᠪᠠᠷ ᠦᠢᠯᠡᠴᠢᠯᠡᠭᠡ ᠪᠣᠯᠭᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ | ᠪᠣᠯᠭᠠᠬᠤ ᠬᠡᠷᠡᠭᠲᠡᠢ᠃ | ᠵᠢᠷᠭᠤᠭ᠎ᠠ᠂ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠯᠠᠭᠤᠨ ᠢᠶᠠᠷ ᠡᠷᠬᠢᠮᠯᠡᠵᠦ ᠪᠣᠯᠪᠠᠰᠤᠨ ᠢ ᠡᠷᠬᠢᠮᠯᠡᠬᠦ | ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠵᠤ᠂ ᠨᠢᠭᠦᠯᠡᠰᠦᠩᠭᠦᠢ᠂ | ᠨᠡᠶᠢᠭᠡᠮ ᠤᠨ ᠰᠠᠶᠢᠨ ᠳᠤᠷ᠎ᠠ ᠶᠢᠨ ᠦᠢᠯᠡᠴᠢᠯᠡᠭᠡ᠂ ᠪᠣᠯᠪᠠᠰᠤᠨ ᠬᠤᠭᠤᠯᠠᠨ ᠰᠢᠷᠡᠭᠡ᠂ ᠪᠣᠯᠪᠠᠰᠤᠨ ᠵᠠᠮ ᠬᠠᠷᠢᠯᠴᠠᠭ᠎ᠠ᠂ | ᠪᠣᠯᠪᠠᠰᠤᠨ ᠢᠶᠠᠷ ᠰᠦᠯᠵᠢᠶᠡᠨ ᠳᠤ ᠭᠠᠷᠬᠤ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠤᠨ | ᠰᠢᠳᠤᠷᠭᠤ ᠶᠣᠰᠣ ᠪᠠ ᠬᠠᠷᠢᠭᠤᠴᠠᠯᠭᠠᠲᠤ ᠤᠬᠠᠮᠰᠠᠷ ᠢ ᠴᠢᠷᠮᠠᠶᠢᠨ ᠬᠥᠮᠦᠵᠢᠭᠦᠯᠦᠨ᠎ᠡ᠃ | ᠬᠤᠲᠠ ᠶᠢᠨ ᠠᠷᠠᠳ ᠨᠠᠶᠢᠵᠠ ᠨᠠᠷ ᠡ᠂ ᠲᠠᠨ ᠤ ᠦᠭᠡ ᠶᠠᠷᠢᠶ᠎ᠠ ᠦᠶᠯᠡ ᠠᠵᠢᠯᠯᠠᠭ᠎ᠠ ᠨᠢᠭᠡᠪᠦᠷᠢ ᠨᠢ ᠴᠥᠮ | ᠬᠤᠲᠠ ᠶᠢᠨ ᠳᠦᠷᠢ ᠲᠥᠷᠬᠦ ᠶᠢ ᠲᠥᠯᠥᠭᠡᠯᠡᠵᠦ᠂ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠬᠠᠷᠠᠭᠤᠯᠵᠤ ᠪᠠᠶᠢᠨ᠎ᠠ᠂ | ᠪᠢᠳᠡ ᠢᠳᠡᠪᠬᠢᠲᠡᠶ ᠬᠥᠳᠡᠯᠦᠯᠴᠡᠵᠦ᠂ ᠣᠲᠣ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠪᠣᠯᠪᠠᠰᠤᠨ ᠦᠶᠯᠡ ᠠᠵᠢᠯᠯᠠᠭ᠎ᠠ ᠪᠠᠷ ᠢᠶᠠᠨ ᠪᠣᠯᠪᠠᠰᠤᠨ ᠬᠡᠪ ᠰᠤᠷᠲᠠᠯ ᠢ ᠪᠠᠳᠠᠷᠠᠭᠤᠯᠵᠤ᠂ ᠵᠢᠵᠢᠭ ᠰᠠᠵᠢᠭ ᠬᠦᠴᠦᠨ | ᠢ ᠠᠤᠭ᠎ᠠ ᠶᠡᠭᠡ ᠬᠦᠴᠦᠨ ᠪᠣᠯᠭᠠᠨ ᠨᠢᠭᠲᠠᠷᠠᠭᠤᠯᠵᠤ᠂ ᠨᠠᠩ ᠪᠣᠯᠪᠠᠰᠤᠨ᠂ ᠨᠠᠩ ᠡᠶ᠎ᠡ ᠵᠣᠬᠢᠴᠠᠯ ᠲᠠᠢ ᠰᠠᠶᠢᠨ | ᠰᠠᠶᠢᠬᠠᠨ ᠬᠤᠲᠠ ᠶᠢ ᠬᠠᠮᠲᠤ ᠪᠠᠷ ᠡᠭᠦᠳᠦᠨ ᠪᠠᠶᠢᠭᠤᠯᠤᠶ᠎ᠠ︕ |