10 ᠰᠠᠷ᠎ᠠ ᠶᠢᠨ 21 ᠤ ᠡᠳᠦᠷ᠂ ᠬᠤᠷᠴᠢᠨ ᠲᠣᠭᠤᠷᠢᠭ ᠲᠣᠭᠤᠷᠢᠭ᠂ ᠪᠠᠯᠭᠠᠰᠤ ᠬᠤᠶᠠᠷ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ | ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠦ ᠰᠢᠶᠤᠤ ᠮᠧᠶ᠂ ᠳᠡᠳ᠋ ᠡᠷᠬᠢᠯᠡᠭᠴᠢ ᠵᠣᠣ ᠰᠢ ᠵᠥᠩ | ᠬᠤᠷᠠᠯ ᠳᠤ ᠣᠷᠣᠯᠴᠠᠪᠠ᠃ ᠬᠤᠷᠠᠯ ᠠᠴᠠ ᠵᠢᠭᠠᠵᠦ ᠭᠠᠷᠭᠠᠭᠰᠠᠨ ᠨᠢ᠂ ᠡᠯ᠎ᠡ ᠰᠤᠮᠤ ᠪᠠᠯᠭᠠᠰᠤ᠂ ᠵᠡᠭᠡᠯᠢ | ᠭᠤᠳᠤᠮᠵᠢ ᠶᠢᠨ ᠬᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ | ᠶᠣᠰᠣᠭᠠᠷ᠂ ᠰᠣᠩᠭᠤᠭᠤᠯᠢ ᠶᠢᠨ ᠠᠷᠠᠳ ᠢ ᠪᠦᠷᠢᠳᠬᠡᠵᠦ ᠦᠨᠡᠮᠯᠡᠯ ᠨᠥᠬᠦᠪᠥᠷᠢᠯᠡᠬᠦ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠲᠥᠯᠥᠭᠡᠯᠡᠭᠴᠢ ᠪᠠᠷ ᠵᠢᠱᠢᠭᠳᠡᠭᠰᠡᠳ ᠢ ᠨᠡᠷ᠎ᠡ ᠳᠤᠷᠠᠳᠴᠤ ᠲᠠᠨᠢᠯᠴᠠᠭᠤᠯᠬᠤ ᠠᠵᠢᠯ ᠢ ᠬᠠᠤᠯᠢ | ᠶᠣᠰᠣᠭᠠᠷ ᠶᠠᠪᠤᠭᠳᠠᠭᠤᠯᠵᠤ᠂ ᠲᠥᠯᠥᠭᠡᠯᠡᠭᠴᠢ ᠪᠠᠷ ᠵᠢᠱᠢᠭᠳᠡᠭᠰᠡᠳ ᠤᠨ ᠪᠠᠶᠢᠳᠠᠯ ᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠵᠤ᠂ ᠰᠣᠩᠭᠤᠭᠤᠯᠢ ᠶᠢᠨ ᠠᠷᠠᠳ ᠤᠨ ᠪᠢᠯᠧᠲ ᠥᠭᠬᠦ ᠶᠢ ᠰᠠᠶᠢᠲᠤᠷ | ᠵᠣᠬᠢᠶᠠᠨ ᠪᠠᠶᠢᠭᠤᠯᠬᠤ ᠬᠡᠷᠡᠭᠲᠡᠢ ᠭᠡᠪᠡ᠃ | | |